ᠠᠰᠫᠢᠷᠠᠨᠲ  ᠶᠢᠨ ᠰᠤᠷᠤᠯᠭ᠎ᠠ ᠶᠢᠨ ᠨᠠᠮᠲᠠᠷ ᠲᠠᠢ ᠨᠢᠭᠡ ᠪᠦᠯᠦᠭ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠬᠥᠮᠦᠵᠢᠭᠦᠯᠦᠨ᠎ᠡ︕
ᠨᠡᠶᠢᠲᠡᠯᠡᠭᠰᠡᠨ ᠴᠠᠭ᠄
2022/5/2
      ︽ᠪᠠᠭᠰᠢ ᠶᠢ ᠬᠦᠴᠦᠷᠬᠡᠭᠵᠢᠭᠦᠯᠬᠦ ᠲᠥᠯᠥᠪᠯᠡᠭᠡ︾ ᠢᠷᠡᠯ᠎ᠡ      ᠦᠨᠦᠬᠡᠨ᠂ ᠰᠤᠷᠭᠠᠨ ᠬᠥᠮᠦᠵᠢᠯ ᠤᠨ ᠶᠠᠮᠤᠨ ᠵᠡᠷᠭᠡ ᠨᠠᠢᠮᠠᠨ ᠰᠠᠯᠠᠭ᠎ᠠ ᠮᠥᠴᠢᠷ ᠬᠠᠮᠲᠤᠷᠠᠨ ︽ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠥᠮᠦᠵᠢᠯ ᠤᠨ ᠪᠠᠭᠰᠢ ᠶᠢ ᠬᠦᠴᠦᠷᠬᠡᠭᠵᠢᠭᠦᠯᠬᠦ ᠲᠥᠯᠥᠪᠯᠡᠭᠡ︾ ︵ᠳᠣᠷᠣᠭᠰᠢ ︽ᠪᠠᠭᠰᠢ ᠶᠢ ᠬᠦᠴᠦᠷᠬᠡᠭᠵᠢᠭᠦᠯᠬᠦ ᠲᠥᠯᠥᠪᠯᠡᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃        4 ᠰᠠᠷ᠎ᠠ ᠶᠢᠨ 14 ᠤ ᠡᠳᠦᠷ ᠤᠨ ᠦᠳᠡ ᠵᠢᠨ‌ᠡᠮᠦᠨ᠎ᠡ᠂ ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ  ᠨᠡᠶᠢᠲᠡᠯᠡᠬᠦ ᠬᠤᠷᠠᠯ ᠬᠢᠵᠦ᠂ ︽ᠪᠠᠭᠰᠢ ᠶᠢ ᠬᠦᠴᠦᠷᠬᠡᠭᠵᠢᠭᠦᠯᠬᠦ ᠲᠥᠯᠥᠪᠯᠡᠭᠡ︾ ᠶᠢᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃              ᠰᠤᠷᠭᠠᠨ ᠬᠥᠮᠦᠵᠢᠯ ᠤᠨ ᠶᠠᠮᠤᠨ ᠤ ᠪᠠᠭᠰᠢ ᠶᠢᠨ ᠠᠵᠢᠯ ᠤᠨ ᠵᠤᠷᠭᠠᠨ ᠤ ᠳᠠᠷᠤᠭ᠎ᠠ ᠷᠧᠨ ᠶᠢᠤ ᠴᠢᠶᠦ᠋ᠨ ᠵᠢᠭᠠᠵᠤ ᠭᠠᠷᠭᠠᠭᠰᠠᠨ ᠨᠢ᠂ ᠣᠳᠣᠬᠠᠨ ᠳᠤ ᠮᠠᠨ ᠤ ᠤᠯᠤᠰ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠲᠤᠰᠬᠠᠶ ᠪᠠᠭᠰᠢ ᠨᠡᠶᠢᠲᠡ 1844 ᠲᠦᠮᠡ‌‍ᠪᠤᠢ᠂ ᠰᠠᠭᠤᠷᠢ ᠰᠤᠷᠭᠠᠨ ᠬᠥᠮᠦᠵᠢᠯ ᠤᠨ ᠪᠠᠭᠰᠢ 1586 ᠲᠦᠮᠡ ᠪᠤᠢ᠂ ᠲᠤᠰᠬᠠᠶ  ᠪᠠᠭᠰᠢ ᠶᠢᠨ ᠪᠥᠬᠦ ᠲᠣᠭᠠᠨ ᠤ 86 % ᠶᠢ ᠡᠵᠡᠯᠡᠵᠦ ᠪᠠᠶᠢᠨ᠎ᠠ ᠭᠡᠪᠡ᠃ ᠰᠤᠷᠪᠤᠯᠵᠢᠯᠠᠭᠴᠢ ᠲᠤᠬᠠᠶ ᠶᠢᠨ ᠲᠠᠯᠠᠪᠠᠶ ᠠᠴᠠ ᠣᠶᠢᠯᠠᠭᠠᠭᠰᠠᠨ ᠢᠶᠠᠷ᠂ ᠪᠠᠭᠰᠢ ᠶᠢ ᠬᠦᠴᠦᠷᠬᠡᠭᠵᠢᠭᠦᠯᠬᠦ ᠲᠥᠯᠥᠪᠯᠡᠭᠡ ᠳᠤ ᠳᠥᠷᠪᠡᠨ ᠶᠡᠭᠡ ᠲᠠᠯ᠎ᠠ ᠠᠴᠠ 15 ᠵᠥᠢᠯ ᠤᠨ ᠠᠷᠭ᠎ᠠ ᠬᠡᠮᠵᠢᠶ᠎ᠡ ᠳᠤᠷᠠᠳᠴᠤ᠂ ᠭᠤᠤᠯᠳᠠᠭᠤ ᠳᠤᠤᠷᠠᠬᠢ ᠬᠡᠳᠦᠨ ᠲᠠᠯ᠎ᠠ ᠪᠠᠷ ᠥᠭᠡᠷᠡᠴᠢᠯᠡᠯᠲᠡ ᠪᠠᠶᠢᠷᠢᠯᠠᠭᠤᠯᠤᠯᠲᠠ ᠬᠢᠨ᠎ᠠ᠃              ᠮᠠᠰᠲ᠋ᠧᠷ ᠤᠨ ᠬᠢᠷᠢ ᠬᠡᠮ ᠪᠦᠬᠦᠢ ᠨᠢᠭᠡ ᠪᠦᠯᠦᠭ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠪᠣᠯᠤᠨ ᠰᠤᠷᠭᠠᠨ ᠬᠥᠮᠦᠵᠢᠯ ᠤᠨ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠦᠨ᠎ᠡ᠃              ᠪᠠᠭᠰᠢ ᠶᠢᠨ ᠳᠡᠭᠡᠳᠦ ᠰᠤᠷᠭᠠᠭᠤᠯᠢ  ᠨᠤᠭᠤᠳ ᠲᠤ ᠮᠠᠰᠲ᠋ᠧᠷ᠂ ᠳ᠋ᠤᠺᠲ᠋ᠤᠷ ᠬᠦᠮᠤᠵᠢᠭᠦᠯᠬᠦ ᠡᠷᠬᠡ ᠣᠯᠭᠤᠬᠤ ᠲᠠᠯ᠎ᠠ ᠪᠠᠷ ᠬᠢ ᠳᠡᠮᠵᠢᠯᠭᠡ ᠶᠢ ᠨᠡᠮᠡᠭᠳᠡᠭᠦᠯᠦᠨ᠎ᠡ᠃ ᠬᠡᠰᠡᠭ ᠪᠠᠭᠰᠢ ᠶᠢᠨ ᠲᠤᠰᠬᠠᠢ ᠮᠡᠷᠭᠡᠵᠢᠯ ᠤᠨ ᠠᠩᠬᠢ ᠶᠢ ᠦᠨᠳᠦᠰᠦᠨ ᠠᠩᠬᠢ ᠶᠢᠨ  ᠳᠡᠭᠡᠳᠦ  ᠰᠤᠷᠭᠠᠭᠤᠯᠢ  ᠪᠣᠯᠭᠠᠨ‌‍ᠲ᠋ᠡᠰ ᠳᠡᠪᠰᠢᠭᠦᠯᠬᠦ ᠶᠢ ᠲᠡᠮᠵᠢᠨ᠎ᠡ᠃              ᠰᠤᠷᠭᠠᠨ ᠬᠥᠮᠦᠵᠢᠯ ᠤᠨ ᠮᠠᠰᠲ᠋ᠧᠷ᠂ ᠰᠤᠷᠭᠠᠨ ᠬᠥᠮᠦᠵᠢᠯ ᠤᠨ ᠳ᠋ᠣᠺᠲ᠋ᠣᠷ ᠡᠯᠰᠡᠬᠦ ᠲᠥᠯᠥᠪᠯᠡᠭᠡ ᠶᠢ ᠥᠷᠭᠡᠳᠬᠡᠨ᠎ᠡ᠃     ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠤᠵᠢᠭᠦᠯᠬᠦ ᠬᠢᠷᠢ ᠬᠡᠮ ᠤᠨ ᠰᠢᠯᠭᠠᠯᠲᠠ ᠪᠣᠯᠤᠨ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠤᠯᠤᠨ᠎ᠠ᠃               ᠬᠥᠳᠡᠭᠡ ᠲᠣᠰᠬᠤᠨ ᠤ ᠪᠠᠭᠰᠢ ᠳᠤ ᠮᠡᠷᠭᠡᠵᠢᠯ ᠤᠨ ᠴᠣᠯᠠ ᠣᠯᠭᠤᠬᠤ᠂ ᠤᠷᠢᠵᠦ ᠬᠡᠷᠡᠭᠯᠡᠬᠦ ᠲᠠᠯ᠎ᠠ ᠪᠠᠷ ᠤᠨᠴᠠᠭᠠᠢ ᠳᠡᠮᠵᠢᠯᠭᠡ ᠦᠵᠡᠭᠦᠯᠦᠨ᠎ᠡ᠃ ᠠᠮᠵᠢᠯᠲᠠ ᠪᠦᠲᠦᠮᠵᠢ ᠶᠢᠨ ᠴᠠᠯᠢᠩ ᠢ ᠬᠠᠲᠠᠭᠤᠵᠢᠯᠲᠠᠶ ᠠᠯᠤᠰ ᠬᠢᠵᠠᠭᠠᠷ ᠭᠠᠵᠠᠷ ᠣᠷᠣᠨ ᠤ ᠰᠤᠷᠭᠠᠭᠤᠯᠢ ᠵᠡᠷᠭᠡ ᠲᠡᠰᠢ‌‍ᠬᠡᠯᠪᠠᠶᠢᠯᠭᠡᠨ᠎ᠡ᠃ ᠬᠥᠭᠵᠢᠭᠰᠡᠨ ᠭᠠᠵᠠᠷ ᠣᠷᠣᠨ ᠪᠠ ᠬᠥᠭᠵᠢᠭᠡᠳᠦᠶ ᠭᠠᠵᠠᠷ ᠣᠷᠣᠨ ᠤ  ᠰᠤᠷᠤᠭᠴᠢᠳ ᠲᠤ  ︽ᠠᠳᠠᠯᠢᠬᠠᠨ  ᠬᠢᠴᠢᠶᠡᠯ ᠣᠷᠣᠬᠤ︾ ᠶᠢ ᠪᠡᠶᠡᠯᠡᠭᠦᠯᠦᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1