ᠲᠥᠪ ᠤᠨ ᠶᠢᠰᠦᠳᠡᠬᠢ ᠡᠭᠡᠯᠵᠢᠨ ᠤ ᠲᠣᠭᠤᠷᠢᠨ ᠪᠠᠶᠢᠴᠠᠭᠠᠬᠤ 15 ᠳᠤᠭᠤᠶᠢᠯᠠᠩ ᠲᠣᠭᠤᠷᠢᠨ ᠪᠠᠶᠢᠴᠠᠭᠠᠬᠤ ᠪᠠᠶᠢᠭᠤᠯᠭ᠎ᠠ ᠨᠢᠭᠡᠴᠡ ᠳᠤ ᠬᠦᠷᠴᠦ ᠠᠵᠢᠯ ᠢᠶᠠᠨ ᠡᠬᠢᠯᠡᠭᠦᠯᠵᠡᠢ
ᠨᠡᠶᠢᠲᠡᠯᠡᠭᠰᠡᠨ ᠴᠠᠭ᠄
2022/5/2
      ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠵᠦ᠂ 4 ᠳ᠋ᠦ᠋ᠭᠡᠷ ᠰᠠᠷ᠎ᠠ ᠶᠢᠨ 9 ᠤ ᠡᠳᠦᠷ ᠪᠣᠯᠲᠠᠯ᠎ᠠ᠂ ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠶᠢᠰᠦᠳᠡᠬᠢ ᠡᠭᠡᠯᠵᠢᠨ ᠤ ᠲᠣᠭᠤᠷᠢᠨ ᠪᠠᠶᠢᠴᠠᠭᠠᠬᠤ 15 ᠳᠤᠭᠤᠶᠢᠯᠠᠩ ᠲᠣᠭᠤᠷᠢᠨ ᠪᠠᠶᠢᠴᠠᠭᠠᠬᠤ ᠪᠠᠶᠢᠭᠤᠯᠭ᠎ᠠ ᠨᠢᠭᠡᠴᠡ ᠳᠤ ᠬᠦᠷᠴᠦ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃                       ᠲᠥᠪ ᠤᠨ ᠪᠠ ᠲᠥᠷᠥ ᠶᠢᠨ ᠪᠠᠶᠢᠭᠤᠯᠭ᠎ᠠ ᠳᠤ ᠲᠣᠭᠤᠷᠢᠨ ᠪᠠᠶᠢᠴᠠᠭᠠᠬᠤ ᠨᠢ ᠨᠥᠬᠦᠷ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠶᠢ ᠭᠦᠢᠴᠡᠳ ᠢᠯᠡᠷᠡᠭᠦᠯᠵᠦ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ  ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠬᠦ ᠴᠢᠨᠠᠷ ᠲᠠᠢ ᠠᠴᠢ ᠬᠤᠯᠪᠣᠭᠳᠠᠯ ᠢ ᠡᠵᠡᠮᠳᠡᠵᠦ᠂ ︽ᠳᠥᠷᠪᠡᠨ ᠵᠦᠢᠯ ᠤᠨ  ᠤᠬᠠᠮᠰᠠᠷ︾ ᠪᠠᠨ‌‍ᠴᠢᠩᠭᠠᠳᠬᠠᠨ᠂ ︽ᠳᠥᠷᠪᠡᠨ ᠵᠦᠢᠯ ᠤᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠰᠠᠶᠢᠨ ᠬᠢᠬᠦ ᠶᠢ ᠪᠦᠬᠦ ᠲᠠᠯ᠎ᠠ ᠪᠠᠷ ᠰᠢᠯᠭᠠᠵᠤ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠢᠯᠠᠩᠭᠤᠶ᠎ᠠ ᠤᠯᠤᠰ ᠲᠥᠷᠥ ᠶᠢᠨ ᠪᠠᠶᠢᠭᠤᠯᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂  ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ  ᠬᠢᠨ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ  ᠴᠢᠬᠤᠯᠠ  ᠠᠷᠭ᠎ᠠ  ᠬᠡᠮᠵᠢᠶ᠎ᠡ ᠪᠣᠯᠣᠨ᠎ᠠ᠃                      ᠲᠥᠪ ᠤᠨ ᠲᠣᠭᠤᠷᠢᠨ ᠪᠠᠶᠢᠴᠠᠭᠠᠬᠤ ᠡᠯ᠎ᠡ ᠳᠤᠭᠤᠶᠢᠯᠠᠩ ᠤᠨ ᠳᠠᠷᠤᠭ᠎ᠠ ᠨᠠᠷ ᠪᠠᠶᠢᠭᠤᠯᠭ᠎ᠠ ᠨᠢᠭᠡᠴᠡ ᠳᠤ ᠰᠠᠭᠤᠵᠤ ᠲᠣᠭᠤᠷᠢᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠣᠳᠠᠲᠤ ᠦᠢᠯᠡ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠬᠤ ᠪᠣᠯᠣᠨ᠎ᠠ᠃ ᠤᠯᠤᠰ ᠲᠥᠷᠥ ᠶᠢᠨ ᠲᠣᠭᠤᠷᠢᠨ ᠪᠠᠶᠢᠴᠠᠭᠠᠬᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠥᠪ ᠤᠨ  ᠪᠠ ᠲᠥᠷᠥ ᠶᠢᠨ ᠪᠠᠶᠢᠭᠤᠯᠭ᠎ᠠ ᠶᠢᠨ ᠬᠢᠨ ᠨᠠᠮ ᠤᠨ ᠤᠳᠤᠷᠢᠳᠤᠯᠭ᠎ᠠ ᠶᠢ ᠭᠦᠢᠴᠡᠳᠬᠡᠬᠦ ᠡᠭᠦᠷᠭᠡ ᠬᠠᠷᠢᠭᠤᠴᠠᠯᠭ᠎ᠠ ᠳᠤ ᠲᠥᠪᠯᠡᠷᠡᠭᠦᠯᠦᠨ᠂ ᠨᠠᠮ ᠤᠨ ᠣᠨᠣᠯ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠲᠥᠪ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠤᠱᠯᠠᠭᠤᠯᠤᠨ  ᠨᠠᠶᠢᠳᠠᠪᠤᠷᠢᠵᠢᠭᠤᠯᠤᠭᠰᠠᠨ  ᠪᠠᠶᠢᠳᠠᠯ ᠢ  ᠭᠦᠨᠵᠡᠭᠡᠢ   ᠣᠶᠢᠯᠠᠭᠠᠬᠤ ᠪᠣᠯᠣᠨ᠎ᠠ︔ ᠬᠠᠲᠠᠭᠤ ᠴᠢᠩᠭ᠎ᠠ ᠪᠠᠶᠢᠬᠤ ᠭᠤᠣᠯ ᠬᠥᠭ ᠠᠶᠢᠵᠠᠮ ᠢ ᠪᠠᠷᠢᠮᠲᠠᠯᠠᠨ᠂ ᠨᠠᠮ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠵᠤ᠂   ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠶᠠᠪᠤᠭᠤᠯᠤᠭᠰᠠᠨ᠂ ᠣᠪᠣᠷ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠭᠰᠠᠨ ᠢᠯᠠᠩᠭᠤᠶ᠎ᠠ ᠬᠡᠯᠪᠡᠷᠢ ᠶᠢᠨ ᠦᠵᠡᠯ᠂ ᠨᠣᠶᠠᠨᠴᠢ ᠦᠵᠡᠯ ᠢ ᠪᠠᠶᠢᠳᠠᠯ ᠢ ᠭᠦᠨᠵᠡᠭᠡᠢ ᠣᠶᠢᠯᠠᠭᠠᠬᠤ  ᠪᠣᠯᠣᠨ᠎ᠠ︔  ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠤᠤᠱᠯᠠᠭᠤᠯᠬᠤ ᠶᠢᠨ ᠲᠣᠭᠤᠷᠢᠨ ᠳᠤ᠂ ᠤᠳᠤᠷᠢᠳᠬᠤ ᠪᠠᠭ ‍ᠤᠨ‌‍ᠪᠠᠶᠢᠭᠤᠯᠤᠯᠲᠠ᠂ ᠺᠠᠳ᠋ᠷ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠣᠯᠣᠨ ᠦᠨᠳᠦᠰᠦᠨ ᠱᠠᠲᠤᠨ ᠤ  ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠢ ᠣᠶᠢᠯᠠᠭᠠᠬᠤ ᠪᠣᠯᠣᠨ᠎ᠠ︔ ᠲᠣᠭᠤᠷᠢᠨ  ᠪᠠᠶᠢᠴᠠᠭᠠᠵᠤ ᠴᠡᠭᠴᠡᠯᠡᠨ‌‍ᠰᠠᠶᠢᠵᠢᠷᠠᠭᠤᠯᠬᠤ ᠪᠠ ᠠᠮᠵᠢᠯᠲᠠ ᠪᠦᠲᠦᠮᠵᠢ ᠶᠢ ᠠᠰᠢᠭᠯᠠᠵᠤ ᠬᠡᠷᠡᠭᠯᠡᠬᠦ ᠲᠤᠬᠠᠢ ᠰᠠᠨᠠᠯ ᠢ ᠰᠠᠶᠢᠲᠤᠷ ᠲᠤᠤᠱᠯᠠᠭᠤᠯᠵᠤ᠂ ᠲᠥᠪ ᠤᠨ ᠲᠣᠭᠤᠷᠢᠨ ᠪᠠᠶᠢᠴᠠᠭᠠᠬᠤ᠂ ᠨᠢᠭᠲᠠᠯᠠᠨ ᠪᠠᠶᠢᠴᠠᠭᠠᠬᠤ ᠵᠡᠷᠭᠡ ᠬᠢᠨᠠᠯᠲᠠ ᠲᠠᠯᠪᠢᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ‌‍ᠰᠠᠶᠢᠵᠢᠷᠠᠭᠤᠯᠵᠤ  ᠨᠠᠶᠢᠳᠠᠪᠤᠷᠢᠵᠢᠭᠤᠯᠤᠭᠰᠠᠨ  ᠪᠠᠶᠢᠳᠠᠯ ᠢ  ᠭᠦᠨᠵᠡᠭᠡᠢ ᠣᠶᠢᠯᠠᠭᠠᠵᠤ᠂  ᠲᠣᠭᠤᠷᠢᠨ  ᠪᠠᠶᠢᠴᠠᠭᠠᠵᠤ  ᠬᠢᠨᠠᠯᠲᠠ ᠲᠠᠯᠪᠢᠬᠤ ᠶᠢ ᠪᠠᠲᠤᠲᠠᠢ ᠭᠦᠢᠴᠡᠳᠬᠡᠬᠦ᠂ ᠲᠡᠭᠦᠯᠳᠡᠷᠵᠢᠭᠦᠯᠦᠨ ᠬᠥᠭᠵᠢᠭᠦᠯᠬᠦ ᠦᠢᠯᠡᠳᠦᠯ ᠢ  ᠭᠦᠢᠴᠡᠳ  ᠪᠠᠳᠠᠷᠠᠭᠤᠯᠬᠤ  ᠪᠣᠯᠣᠨ᠎ᠠ ᠭᠡᠵᠡᠢ᠃                      ᠣᠶᠢᠯᠠᠭᠠᠭᠰᠠᠨ ᠢᠶᠠᠷ᠂ ᠲᠥᠪ ᠤᠨ ᠲᠣᠭᠤᠷᠢᠨ ᠪᠠᠶᠢᠴᠠᠭᠠᠬᠤ 15 ᠳᠤᠭᠤᠶᠢᠯᠠᠩ ᠤᠨ ᠬᠢᠨ ᠲᠣᠭᠤᠷᠢᠨ ᠪᠠᠶᠢᠴᠠᠭᠠᠬᠤ ᠪᠠᠶᠢᠭᠤᠯᠭ᠎ᠠ ᠨᠢᠭᠡᠴᠡ ᠳᠤ 2 ᠰᠠᠷ᠎ᠠ ᠰᠢᠬᠠᠮ ᠰᠠᠭᠤᠵᠤ ᠠᠵᠢᠯᠯᠠᠬᠤ ᠪᠣᠯᠣᠨ᠎ᠠ᠂ ᠡᠨᠡ ᠬᠤᠭᠤᠴᠠᠭᠠᠨ ᠳᠤ ᠲᠤᠰᠬᠠᠢ ᠵᠢᠵᠢᠭᠦᠷᠯᠡᠬᠦ ᠤᠲᠠᠰᠤ ᠪᠣᠯᠣᠨ ᠵᠠᠬᠢᠳᠠᠯ ᠤᠨ ᠬᠠᠶᠢᠷᠴᠠᠭ ᠲᠣᠬᠢᠷᠠᠭᠤᠯᠤᠨ᠎ᠠ᠂ ᠲᠥᠪ ᠤᠨ ᠶᠢᠰᠦᠳᠡᠬᠢ ᠡᠭᠡᠯᠵᠢᠨ ᠤ ᠲᠣᠭᠤᠷᠢᠨ ᠪᠠᠶᠢᠴᠠᠭᠠᠬᠤ ᠵᠠᠬᠢᠳᠠᠯ ᠰᠤᠷᠪᠤᠯᠵᠢᠯᠠᠭ᠎ᠠ ᠶᠢ 5 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ ᠬᠦᠯᠢᠶᠡᠨ ᠠᠪᠬᠤ ᠪᠣᠯᠣᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1