ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠦᠨᠳᠦᠰᠦᠨ ᠱᠠᠲᠤᠨ ᠳᠤ ᠣᠴᠢᠵᠤ ᠠᠵᠢᠯ ᠤᠯᠬᠤ ᠳᠤ ᠡᠲᠡᠭᠡᠷ ᠬᠠᠷᠭᠠᠯᠵᠠᠯᠲᠤ ᠲᠥᠷᠥ ᠶᠢᠨ ᠪᠣᠳᠣᠯᠭ᠎ᠠ ᠶᠢ ᠭᠥᠷᠳᠡᠬᠦ ᠪᠣᠯᠤᠨ᠎ᠠ
ᠨᠡᠶᠢᠲᠡᠯᠡᠭᠰᠡᠨ ᠴᠠᠭ᠄
2022/5/2
      ᠰᠤᠷᠭᠠᠨ ᠬᠥᠮᠦᠵᠢᠯ ᠤᠨ ᠶᠠᠮᠤᠨ ᠤ ᠰᠣᠨᠢᠨ ᠮᠡᠳᠡᠭᠡᠨ ᠤ ᠠᠯᠪᠠᠨ ᠬᠡᠷ ᠤᠨ ᠠᠯᠪᠠᠨ ᠤ ᠸᠢᠴᠠᠲ ᠤᠨ ᠮᠡᠳᠡᠭᠡ ᠶᠢ ᠦᠨᠳᠦᠰᠦᠯᠡᠪᠡᠯ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠦᠨᠳᠦᠰᠦᠨ ᠱᠠᠲᠤᠨ ᠳᠤ ᠣᠴᠢᠵᠤ ᠠᠵᠢᠯ ᠤᠯᠬᠤ ᠳᠤ ᠶᠠᠮᠠᠷ ᠶᠠᠮᠠᠷ ᠬᠠᠷᠭᠠᠯᠵᠠᠯᠲᠤ ᠲᠥᠷᠥ ᠶᠢᠨ ᠪᠣᠳᠣᠯᠭ᠎ᠠ ᠪᠠᠶᠢᠬᠤ ᠪᠣᠶ︖      ᠦᠨᠦᠬᠡᠨ᠂ ᠰᠤᠷᠭᠠᠨ ᠬᠥᠮᠦᠵᠢᠯ ᠤᠨ ᠶᠠᠮᠤᠨ ᠤ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠶᠢᠨ ᠵᠤᠷᠭᠠᠨ ᠂ ᠰᠤᠷᠭᠠᠨ ᠬᠥᠮᠦᠵᠢᠯ ᠤᠨ ᠶᠠᠮᠤᠨ ᠤ ᠰᠣᠷᠣᠭᠴᠢ ᠶᠢᠨ ᠣᠶᠢᠯᠡᠴᠢᠯᠡᠭᠡ ᠬᠢᠭᠡᠳ ᠬᠡᠪ ᠴᠢᠨᠠᠷ ᠤᠨ ᠬᠥᠭᠵᠢᠯᠲᠡ ᠶᠢᠨ ᠲᠥᠪ ᠠᠴᠠ ︽ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠦᠨᠳᠦᠰᠦᠨ ᠱᠠᠲᠤᠨ ᠳᠤ ᠠᠵᠢᠯ ᠤᠯᠬᠤ ᠲᠥᠷᠥ ᠶᠢᠨ  ᠪᠣᠳᠣᠯᠭ᠎ᠠ ᠶᠢᠨ ᠠᠯᠪᠠᠨ  ᠵᠠᠷ︾ ᠢ ᠨᠡᠶᠢᠲᠡᠯᠡᠪᠡ᠂ ᠡᠭᠦᠨ ᠳᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠥᠪ ᠤᠨ ᠦᠨᠳᠦᠰᠦᠨ ᠱᠠᠲᠤᠨ ᠳᠤ ᠠᠵᠢᠯ  ᠤᠯᠬᠤ ᠲᠦᠷᠦᠯ ᠵᠥᠢᠯ ᠤᠨ ᠣᠶᠢᠯᠡᠴᠢᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠭᠤᠷᠪᠠᠨ ᠵᠢᠯ ᠤᠨ ᠳᠣᠲᠣᠷ᠎ᠠ ᠠᠰᠫᠢᠷᠠᠨᠲ ᠰᠢᠯᠭᠠᠭᠤᠯᠪᠠᠯ᠂ ᠠᠩᠬᠠᠨ ᠤ ᠰᠢᠯᠭᠠᠯᠲᠠ ᠶᠢᠨ ᠶᠡᠷᠦᠩᠬᠡᠶ ᠬᠤᠪᠢ ᠳᠡᠭᠡᠷ᠎ᠡ 10 ᠬᠤᠪᠢ ᠨᠡᠮᠡᠵᠦ᠂ ᠠᠳᠠᠯᠢ ᠨᠥᠬᠦᠴᠡᠯ ᠳᠤᠤᠷ᠎ᠠ ᠤᠷᠢᠳ ᠢᠶᠠᠷ ᠡᠯᠰᠡᠨ᠎ᠡ︔  ᠳᠡᠭᠡᠳᠦ  ᠵᠡᠷᠭᠡ ᠶᠢᠨ ᠠᠵᠢᠯ ᠮᠡᠷᠭᠡᠵᠢᠯ ᠤᠨ ︵ᠲᠤᠰᠬᠠᠶ ᠮᠡᠷᠭᠡᠵᠢᠯ︶ ᠰᠣᠷᠣᠭᠴᠢ ᠰᠢᠯᠭᠠᠭᠤᠯᠬᠤ ᠥᠬᠡᠶ ᠪᠠᠷ ᠨᠠᠰᠤᠨ ᠳᠤ ᠭᠦᠷᠦᠭᠰᠡᠳ ᠤᠨ ᠵᠢᠩᠬᠢᠨᠢ ᠠᠩᠭᠢ ᠳᠤ ᠣᠷᠣᠵᠤ ᠰᠤᠷᠤᠯᠴᠠᠵᠤ ᠪᠣᠯᠤᠨ᠎ᠠ ᠭᠡᠵᠦ ᠲᠣᠳᠣᠷᠬᠠᠶ ᠲᠣᠭᠲᠠᠭᠠᠵᠠᠶ᠃              ᠬᠠᠷᠭᠠᠯᠵᠠᠯᠲᠤ ᠲᠥᠷᠥ ᠶᠢᠨ ᠪᠣᠳᠣᠯᠭ᠎ᠠ ᠶᠢᠨ ᠨᠠᠷᠢᠨ ᠠᠭᠤᠯᠭ᠎ᠠ ᠨᠢ ᠳᠣᠣᠷᠠᠬᠢ ᠮᠡᠲᠦ᠄              ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠣᠴᠢᠵᠤ ᠠᠵᠢᠯ ᠣᠯᠬᠤ ᠶᠢ ᠵᠣᠷᠢᠭᠵᠢᠭᠤᠯᠬᠤ ᠭᠤᠣᠯ ᠪᠣᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ      ᠰᠤᠷᠤᠯᠭ᠎ᠠ ᠶᠢᠨ ᠵᠠᠷᠤᠳᠠᠯ ᠤᠨ ᠨᠥᠬᠦᠪᠥᠷᠢ ᠪᠠ ᠰᠤᠷᠤᠯᠭ᠎ᠠ ᠲᠡᠳᠬᠦᠬᠦ ᠵᠢᠭᠡᠯᠡᠯᠭᠡ ᠶᠢ ᠣᠷᠣᠯᠠᠨ ᠲᠥᠯᠥᠬᠦ  ᠲᠥᠷᠥ ᠶᠢᠨ ᠪᠣᠳᠣᠯᠭ᠎ᠠ      ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠡᠷᠦᠬᠡ ᠠᠮᠠ ᠶᠢᠨ ᠳᠠᠩᠰᠠ ᠶᠢᠨ ᠲᠥᠷᠥ ᠶᠢᠨ ᠪᠣᠳᠣᠯᠭ᠎ᠠ      ᠲᠥᠪ ᠤᠨ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠲᠥᠷᠥᠯ ᠵᠥᠢᠯ ᠤᠨ ᠲᠣᠪᠴᠢ ᠲᠠᠨᠢᠯᠴᠠᠭᠤᠯᠭ᠎ᠠ                ᠲᠥᠪ ᠤᠨ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠲᠥᠷᠥᠯ ᠵᠥᠢᠯ ‍ᠤᠨ‌ᠬᠠᠷᠠᠭᠠᠯᠵᠠᠯ ᠤᠨ ᠲᠥᠷᠥ ᠵᠢᠨ‌‍ᠪᠣᠳᠣᠯᠭ᠎ᠠ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1