ᠮᠠᠨ ᠤ ᠤᠯᠤᠰ ᠤᠨ ᠬᠥᠮᠦᠨ ᠳᠤᠮᠳᠠᠴᠢ ᠨᠠᠰᠤᠨ ᠬᠤᠲᠤᠭ 77 . 3 ᠨᠠᠰᠤ ᠳᠤ  ᠬᠦᠷᠪᠡ
ᠨᠡᠶᠢᠲᠡᠯᠡᠭᠰᠡᠨ ᠴᠠᠭ᠄
2022/5/2
      ᠠᠷᠠᠳ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠰᠦᠨ  ᠯᠧ  ᠴᠢ︶ ᠥᠴᠥᠭᠡᠳᠦᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠮᠠᠨ ᠤ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠬᠦ᠂ ᠡᠷᠡᠭᠦᠯ ᠮᠡᠨᠳᠦ ᠬᠤᠲᠠ ᠶᠢ ᠪᠥᠲᠥᠭᠡᠨ  ᠪᠠᠶᠢᠭᠤᠯᠬᠤ ᠠᠷᠭ᠎ᠠ ᠪᠠᠷᠢᠯ  ᠪᠠ  ᠦᠷ᠎ᠡ  ᠪᠦᠲᠦᠮᠵᠢ ᠶᠢ ᠲᠠᠨᠢᠯᠴᠠᠭᠤᠯᠪᠠ᠃      ᠲᠠᠨᠢᠯᠴᠠᠭᠤᠯᠤᠭᠰᠠᠨ ᠢᠶᠠᠷ᠂ ᠤᠯᠤᠰ ᠢᠶᠠᠨ  ᠬᠠᠶᠢᠷᠠᠯᠠᠬᠤ  ᠡᠷᠡᠭᠦᠯ ᠬᠠᠮᠠᠭᠠᠯᠠᠯ ᠤᠨ ᠬᠥᠳᠡᠯᠭᠡᠭᠡᠨ ᠥᠷᠨᠢᠭᠦᠯᠦᠭᠰᠡᠨ 70 ᠵᠢᠯ ᠤᠨ ᠲᠤᠷᠰᠢ᠂ ᠮᠠᠨ ᠤ ᠤᠯᠤᠰ ᠤᠨ ᠬᠤᠲᠠ ᠬᠥᠳᠡᠭᠡ ᠶᠢᠨ ᠣᠷᠴᠢᠨ‌‍ᠲ᠋ᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠢᠯᠡᠳᠲᠡ ᠰᠠᠶᠢᠵᠢᠷᠠᠵᠤ᠂ ᠪᠥᠬᠦ ᠤᠯᠤᠰ ᠤᠨ  339  ᠲᠤᠰᠬᠠᠶ  ᠣᠷᠣᠨ ᠤ ᠲᠠᠰ ᠠᠴᠠ ᠳᠡᠭᠡᠭᠰᠢᠬᠢ ᠬᠤᠲᠠ ᠶᠢᠨ ᠠᠭᠠᠷ ᠤᠨ ᠴᠢᠨᠠᠷ ᠴᠢᠨᠰᠠᠭ᠎ᠠ ᠶᠢᠨ ᠳᠤᠮᠳᠠᠴᠢ ᠰᠢᠯᠢᠳᠡᠭ ᠰᠠᠶᠢᠨ  ᠡᠳᠦᠷ ᠤᠨ ᠲᠤᠭ᠎ᠠ ᠶᠢᠨ ᠡᠵᠡᠯᠡᠬᠦ ᠬᠠᠷᠢᠴᠠᠯ 87 % ᠳᠤ ᠬᠦᠷᠴᠡᠶ᠃ ᠪᠦᠬᠦ ᠠᠷᠠᠳ ᠤᠨ ᠡᠷᠡᠭᠦᠯ  ᠮᠡᠨᠳᠦ ᠶᠢᠨ ᠲᠦᠪᠰᠢᠨ ᠢᠯᠡᠳᠲᠡ  ᠳᠡᠭᠡᠭᠰᠢᠯᠡᠵᠦ᠂ ᠬᠥᠮᠦᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ 77 . 3 ᠨᠠᠰᠤᠨ ᠳᠤ ᠬᠦᠷᠪᠡ᠃              ᠪᠦᠷᠢᠳᠬᠡᠯ ᠢ ᠦᠨᠳᠦᠰᠦᠯᠡᠪᠡᠯ᠂ ᠮᠠᠨ ᠤ ᠤᠯᠤᠰ ᠤᠨ ᠬᠥᠳᠡᠭᠡ ᠲᠣᠰᠬᠤᠨ ᠤ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠭᠰᠡᠨ ᠨᠣᠷᠮ᠎ᠠ ᠨᠢᠭᠡᠨᠲᠡ 70 % ᠶᠢ ᠳᠠᠪᠠᠵᠤ  ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ  ᠬᠤᠤᠷ ᠥᠬᠡᠶᠢᠳᠡᠭᠦᠯᠦᠨ ᠰᠢᠢᠳᠪᠤᠷᠢᠯᠡᠭᠰᠡᠨ ᠨᠣᠷᠮ᠎ᠠ 99 % ᠳᠤ ᠬᠦᠷᠴᠦ᠂ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠨᠣᠷᠮ᠎ᠠ ᠪᠠ ᠲᠦᠭᠡᠭᠡᠯ ᠤᠰᠤ ᠲᠦᠭᠡᠮᠡᠯᠵᠢᠭᠦᠯᠬᠦ ᠨᠣᠷᠮ᠎ᠠ ᠲᠣᠰ ᠲᠣᠰ 89 % ᠪᠠ 84 % ᠳᠤ ᠬᠦᠷᠴᠡᠶ᠃ ᠪᠦᠬᠦ ᠠᠷᠠᠳ ᠤᠨ ᠡᠷᠡᠭᠦᠯ ᠮᠡᠨᠳᠦ ᠶᠢᠨ ᠲᠦᠪᠰᠢᠨ ᠢᠯᠡᠳᠲᠡ ᠳᠡᠭᠡᠭᠰᠢᠯᠡᠵᠦ᠂ ᠣᠳᠣᠬᠠᠨ ᠳᠤ ᠦᠷᠭᠦᠯᠵᠢ ᠪᠡᠶ᠎ᠡ ᠶᠢᠨ  ᠲᠠᠮᠢᠷ ᠤᠨ ᠪᠣᠯᠪᠠᠰᠤᠷᠠᠯ ᠳᠤ ᠣᠷᠣᠯᠴᠠᠵᠤ ᠪᠠᠶᠢᠭ᠎ᠠ ᠬᠥᠮᠦᠨ ᠤ  ᠲᠤᠭ᠎ᠠ ᠶᠢᠨ  ᠬᠠᠷᠢᠴᠠᠯ  37 . 2  % ᠲᠤ  ᠬᠦᠷᠴᠦ᠂  ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠲᠦᠪᠰᠢᠨ 23 . 15 % ᠲᠤ ᠬᠦᠷᠴᠦ᠂  ᠬᠥᠮᠦᠨ  ᠳᠤᠮᠳᠠᠴᠢ ᠶᠢᠨ ᠵᠢᠱᠢᠭᠰᠡᠨ ᠨᠠᠰᠤᠨ ᠬᠤᠲᠤᠭ 77 . 3 ᠨᠠᠰᠤᠨ ᠳᠤ ᠬᠦᠷᠴᠦ᠂ ᠬᠥᠮᠦᠨ ᠳᠤᠮᠳᠠᠴᠢ ᠶᠢᠨ ᠡᠷᠡᠭᠦᠯ ᠮᠡᠨᠳᠦ ᠶᠢᠨ  ᠪᠠᠶᠢᠳᠠᠯ ᠶᠡᠭᠡ ᠪᠠᠷ ᠰᠠᠶᠢᠵᠢᠷᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1