ᠰᠤᠷᠪᠤᠯᠵᠢᠯᠠᠭᠴᠢ 4 ᠰᠠᠷ᠎ᠠ ᠶᠢᠨ 1 ᠤ ᠡᠳᠦᠷ ᠬᠥᠬᠡᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠠᠵᠢᠯ | ᠲᠥᠷᠥᠯ ᠤᠨ ᠨᠡᠶᠢᠭᠡᠮᠯᠢᠭ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠠᠯᠪᠠᠨ ᠤ ᠮᠠᠰᠢᠨ ᠲᠡᠷᠭᠡᠨ ᠤ | ᠠᠯᠪᠠᠨ ᠠᠴᠠ ᠡᠵᠡᠩᠨᠡᠭᠰᠡᠨ ᠲᠦᠷᠢᠶᠡᠰᠦᠨ ᠮᠠᠰᠢᠨ ᠲᠡᠷᠭᠡᠨ ᠤ ᠺᠣᠮᠫᠠᠨᠢ ᠨᠢᠭᠡ ᠰᠠᠷ᠎ᠠ ᠶᠢᠨ ᠳᠠᠭᠠᠭᠠᠴᠢᠯᠠᠯᠲᠠ ᠶᠢᠨ | ᠵᠠᠷᠤᠳᠠᠯ ᠢ ᠬᠡᠯᠳᠦᠷᠢᠭᠦᠯᠦᠭᠰᠡᠨ ᠰᠠᠭᠤᠷᠢᠨ ᠳᠡᠭᠡᠷ᠎ᠡ᠂ ᠪᠠᠰᠠ ᠬᠠᠭᠠᠰ ᠰᠠᠷ᠎ᠠ ᠶᠢᠨ ᠳᠠᠭᠠᠭᠠᠴᠢᠯᠠᠯᠲᠠ ᠶᠢᠨ ᠵᠠᠷᠤᠳᠠᠯ ᠢ | ᠦᠷᠭᠦᠯᠵᠢᠯᠡᠨ ᠬᠡᠯᠲᠦᠷᠢᠭᠦᠯᠵᠦ᠂ ᠬᠤᠶᠠᠷ ᠤᠳᠠᠭ᠎ᠠ ᠨᠡᠶᠢᠲᠡ 1729 . 6650 ᠲᠦᠮᠡᠨ ᠲᠥᠭᠦᠷᠢᠭ ᠢ | ᠬᠠᠰᠤᠵᠤ ᠬᠡᠯᠲᠦᠷᠢᠭᠦᠯᠪᠡ᠃ | ᠣᠳᠣᠬᠠᠨ ᠳᠤ᠂ ᠬᠥᠬᠡᠬᠤᠲᠠ ᠳᠤ ᠨᠡᠶᠢᠲᠡ 13 ᠠᠯᠪᠠᠨ ᠤ ᠮᠠᠰᠢᠨ ᠲᠡᠷᠭᠡ ᠶᠢᠨ ᠠᠯᠪᠠᠨ ᠠᠴᠠ | ᠡᠵᠡᠩᠨᠡᠭᠰᠡᠨ ᠲᠦᠷᠢᠶᠡᠰᠦᠨ ᠮᠠᠰᠢᠨ ᠲᠡᠷᠭᠡᠨ ᠤ ᠺᠣᠮᠫᠠᠨᠢ ᠪᠠᠶᠢᠵᠤ᠂ 2261 ᠲᠦᠷᠢᠶᠡᠰᠦᠨ ᠮᠠᠰᠢᠨ ᠲᠡᠷᠭᠡ | ᠠᠵᠢᠯᠯᠠᠵᠤ ᠪᠣᠶ᠃ ᠲᠣᠰ ᠡᠭᠡᠯᠵᠢ ᠶᠢᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠬᠥᠬᠡᠬᠤᠲᠠ ᠶᠢᠨ | ᠲᠦᠷᠢᠶᠡᠰᠦᠨ ᠮᠠᠰᠢᠨ ᠲᠡᠷᠭᠡᠨ ᠤ ᠠᠶᠠᠨᠴᠢᠳ ᠤᠨ ᠵᠦᠭᠡᠭᠡᠪᠤᠷᠢ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠪᠠᠭᠤᠷᠠᠵᠤ᠂ | ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠣᠷᠣᠯᠭ᠎ᠠ ᠢᠯᠡᠳᠲᠡ ᠪᠠᠭᠤᠷᠠᠪᠠ᠃ ᠥᠷᠭᠡᠨ ᠣᠯᠠᠨ | ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠬᠢᠵᠢᠭ ᠢ ᠰᠡᠷᠭᠡᠶᠢᠯᠡᠵᠦ᠂ ᠭᠠᠳᠠᠭᠰᠢ ᠭᠠᠷᠬᠤ ᠢᠳᠡᠪᠬᠢᠵᠢᠯ ᠢ | ᠳᠠᠶᠢᠴᠢᠯᠠᠨ᠂ ᠠᠵᠢᠯ ᠲᠥᠷᠥᠯ ᠤᠨ ᠡᠵᠡᠩᠨᠡᠯᠲᠡ ᠶᠢᠨ ᠡᠮᠬᠢ ᠵᠢᠷᠤᠮ ᠢ ᠬᠠᠮᠤᠭ ᠤᠨ ᠶᠡᠭᠡ ᠬᠡᠮᠵᠢᠶ᠎ᠡ ᠪᠠᠷ | ᠪᠠᠲᠤᠯᠠᠬᠤ ᠶᠢᠨ ᠲᠥᠯᠥᠭᠡ᠂ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠨᠡᠶᠢᠭᠡᠮᠯᠢᠭ ᠤᠨ ᠳᠠᠬᠢᠨ | ᠳᠠᠪᠲᠠᠨ ᠵᠣᠬᠢᠴᠠᠭᠤᠯᠭ᠎ᠠ ᠳᠤᠤᠷ᠎ᠠ᠂ ᠠᠯᠪᠠᠨ ᠤ ᠮᠠᠰᠢᠨ ᠲᠡᠷᠭᠡᠨ ᠤ ᠠᠯᠪᠠᠨ ᠠᠴᠠ ᠡᠵᠡᠩᠨᠡᠭᠰᠡᠨ ᠲᠦᠷᠢᠶᠡᠰᠦᠨ | ᠮᠠᠰᠢᠨ ᠲᠡᠷᠭᠡᠨ ᠤ ᠺᠣᠮᠫᠠᠨᠢ 2 ᠰᠠᠷ᠎ᠠ ᠶᠢᠨ 16 ᠤ ᠡᠳᠦᠷ ᠠᠴᠠ 3 ᠰᠠᠷ᠎ᠠ ᠶᠢᠨ 15 ᠤ ᠡᠳᠦᠷ ᠪᠣᠯᠲᠠᠯᠠᠬᠢ | ᠳᠠᠭᠠᠭᠠᠴᠢᠯᠠᠯᠲᠠ ᠶᠢᠨ ᠵᠠᠷᠤᠳᠠᠯ ᠢ ᠬᠠᠰᠤᠵᠤ ᠬᠡᠯᠲᠦᠷᠢᠭᠦᠯᠦᠭᠰᠡᠨ ᠰᠠᠭᠤᠷᠢᠨ ᠳᠡᠭᠡᠷ᠎ᠡ᠂ 3 ᠰᠠᠷ᠎ᠠ ᠶᠢᠨ | 16~31 ᠤ ᠡᠳᠦᠷ ᠤᠨ ᠲᠦᠷᠢᠶᠡᠰᠦᠨ ᠮᠠᠰᠢᠨ ᠲᠡᠷᠭᠡᠨ ᠤ ᠳᠠᠭᠠᠭᠠᠴᠢᠯᠠᠯᠲᠠ ᠶᠢᠨ ᠵᠠᠷᠤᠳᠠᠯ ᠢ ᠪᠠᠰᠠ | ᠬᠠᠰᠤᠵᠤ ᠬᠡᠯᠲᠦᠷᠢᠭᠦᠯᠵᠦ᠂ ᠳᠠᠭᠠᠭᠠᠴᠢᠯᠠᠯᠲᠠ ᠶᠢᠨ ᠵᠠᠷᠤᠳᠠᠯ ᠢ ᠬᠤᠶᠠᠷ ᠤᠳᠠᠭ᠎ᠠ ᠨᠡᠶᠢᠲᠡ 1729 . 6650 | ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ | |