ᠰᠢ ᠶᠢᠨ ᠫᠢᠩ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠪᠦᠬᠦ ᠪᠥᠮᠪᠥᠷᠴᠡᠭ ᠤᠨ ᠠᠷᠠᠯᠵᠢᠶ᠎ᠠ ᠪᠡᠯᠡ ᠣᠷᠣᠭᠤᠯᠤᠯᠲᠠ ᠶᠢ ᠠᠬᠢᠭᠤᠯᠬᠤ ᠲᠦᠷᠦᠭᠦᠴᠦᠳ ᠤᠨ ᠬᠤᠷᠠᠯ ᠳᠡᠭᠡᠷ᠎ᠡ ᠸᠢᠳᠢᠣ᠋ ᠪᠠᠷ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2022/5/20
      ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 18 ᠤ ᠴᠠᠬᠢᠯᠭᠠᠨ ᠮᠡᠳᠡᠭᠡ 5 ᠰᠠᠷ᠎ᠠ ᠶᠢᠨ 18 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠪᠦᠬᠦ ᠪᠥᠮᠪᠥᠷᠴᠡᠭ ᠤᠨ ᠠᠷᠠᠯᠵᠢᠶ᠎ᠠ ᠪᠡᠯᠡ ᠣᠷᠣᠭᠤᠯᠤᠯᠲᠠ ᠶᠢ ᠠᠬᠢᠭᠤᠯᠬᠤ ᠲᠦᠷᠦᠭᠦᠴᠦᠳ ᠤᠨ ᠬᠤᠷᠠᠯ ᠳᠡᠭᠡᠷ᠎ᠡ ᠸᠢᠳᠢᠣ᠋ ᠪᠠᠷ ᠪᠠᠶᠠᠷ ᠤᠨ ᠦᠭᠡ ᠬᠡᠯᠡᠪᠡ᠃        ᠰᠢ ᠶᠢᠨ ᠫᠢᠩ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠦᠪᠯᠡᠯ 1952 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠳᠤᠮᠳᠠᠳᠤ ᠤᠯᠤᠰ ᠲᠤ ᠰᠠᠭᠤᠷᠢᠯᠠᠨ᠂ ᠳᠡᠯᠡᠬᠡᠢ ᠳ᠋ᠠᠬᠢᠨ ᠳᠤ ᠬᠠᠨᠳᠤᠵᠤ᠂ ᠳᠤᠮᠳᠠᠳᠤ ᠭᠠᠳᠠᠭᠠᠳᠤ ᠶᠢᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠰᠤ ᠶᠢ ᠴᠢᠩᠭᠠᠷᠠᠭᠤᠯᠬᠤ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠶᠢ ᠠᠬᠢᠭᠤᠯᠬᠤ᠂ ᠤᠯᠤᠰ ᠤᠨ ᠬᠠᠷᠢᠯᠴᠠᠭᠠᠨ ᠤ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠦᠪᠯᠡᠯ ᠤᠨ 70 ᠵᠢᠯ ᠤᠨ ᠶᠠᠪᠤᠴᠠ ᠪᠣᠯ ᠳᠤᠮᠳᠠᠳᠤ ᠤᠯᠤᠰ ᠤᠨ ᠭᠠᠳᠠᠭᠠᠳᠤ ᠨᠡᠭᠡᠭᠡᠯᠲᠡ ᠪᠠᠨ ᠲᠠᠰᠤᠷᠠᠯᠲᠠ ᠥᠬᠡᠶ ᠥᠷᠭᠡᠳᠭᠡᠭᠰᠡᠨ ᠤ ᠴᠢᠬᠤᠯᠠ ᠢᠯᠡᠷᠡᠯ ᠮᠥᠨ᠂ ᠪᠠᠰᠠ ᠴᠤ ᠡᠯ᠎ᠡ ᠤᠯᠤᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠭᠰᠡᠨ ᠴᠢᠬᠤᠯᠠ ᠭᠡᠷᠡᠴᠢᠯᠡᠯ ᠮᠥᠨ ᠬᠡᠵᠥ ᠵᠢᠭᠠᠵᠥ ᠭᠠᠷᠭᠠᠪᠠ᠃
     ᠰᠢ ᠶᠢᠨ ᠫᠢᠩ᠂ ᠣᠳᠣᠬᠠᠨ ᠳᠤ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠰᠣᠯᠪᠢᠴᠠᠵᠤ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠡᠯ᠎ᠡ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠢᠨ ᠤ ᠡᠩᠬᠡ ᠲᠠᠶᠢᠪᠤᠩ ᠬᠥᠭᠵᠢᠯᠲᠡ ᠶᠢᠨ ᠲᠤᠬᠠᠢ ᠬᠦᠰᠡᠯ ᠡᠷᠡᠮᠡᠯᠵᠡᠯ ᠨᠢ ᠨᠡᠩ ᠲᠤᠯᠭᠠᠮ ᠪᠤᠯᠵᠤ᠂ ᠲᠥᠪ ᠭᠤᠣᠯᠴᠢ ᠰᠢᠳᠤᠷᠭᠤ ᠶᠣᠰᠣᠨ ᠤ ᠲᠤᠬᠠᠢ ᠬᠦᠰᠡᠯ ᠱᠠᠭᠠᠷᠳᠠᠯᠭ᠎ᠠ ᠨᠢ ᠨᠡᠩ ᠴᠢᠩᠭ᠎ᠠ ᠪᠤᠯᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠲᠤᠬᠠᠢ ᠬᠥᠭᠡᠭᠡᠴᠡᠯᠳᠦᠯ ᠨᠢ ᠨᠡᠩ ᠲᠤᠯᠭᠠᠮ ᠪᠣᠯᠪᠠ ᠬᠡᠵᠥ ᠴᠢᠬᠤᠯᠠᠴᠢᠯᠠᠪᠠ᠃      ᠰᠢ ᠶᠢᠨ ᠫᠢᠩ 4 ᠲᠠᠯ᠎ᠠ ᠶᠢᠨ ᠰᠠᠨᠠᠭᠤᠯᠭ᠎ᠠ ᠳᠤᠷᠠᠳᠴᠠᠢ᠄ ᠨᠢᠭᠡᠳᠦᠭᠡᠷ ᠲᠤ᠂ ᠬᠦᠴᠦᠨ ᠢᠶᠠᠨ ᠲᠥᠪᠯᠡᠷᠡᠭᠦᠯᠦᠨ ᠬᠢᠵᠢᠭ ᠤᠨ ᠪᠠᠶᠢᠳᠠᠯ ᠢ ᠢᠯᠠᠨ ᠲᠠᠪᠠᠭ᠋ᠤ ᠬᠡᠷᠡᠭᠳᠡᠢ᠃ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠲᠠᠬᠢᠨ ᠳᠠᠪᠲᠠᠨ ᠰᠠᠭᠠᠳᠠᠭᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠦᠨᠳᠦ ᠨᠣᠴᠢᠲᠠᠢ ᠰᠦᠷᠳᠡᠭᠦᠯᠦᠯ ᠤᠴᠠᠷᠠᠭᠤᠯᠵᠤ᠂ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠳᠤ ᠬᠦᠨᠳᠦ ᠨᠣᠴᠢᠲᠠᠢ ᠨᠥᠯᠥᠭᠡ ᠦᠵᠡᠭᠦᠯᠪᠡ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠸᠠᠺᠼᠢᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠬᠤᠪᠢᠶᠠᠷᠢᠯᠠᠬᠤ ᠤᠯᠠᠨ ᠤᠯᠤᠰ ᠤᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠰᠠᠯᠲᠠ ᠶᠢ ᠴᠢᠩᠭᠠᠳᠬᠠᠵᠤ᠂ ᠬᠢᠵᠢᠭ ᠲᠠᠢ ᠲᠡᠮᠡᠴᠡᠬᠦ ᠤᠯᠠᠨ ᠳᠠᠪᠬᠤᠷ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠵᠤ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠳᠡᠢ᠃ ᠬᠤᠶᠠᠳᠤᠭᠠᠷ ᠲᠤ᠂ ᠠᠷᠠᠯᠵᠢᠶᠠᠨ ᠤ ᠪᠡᠯᠡ ᠣᠷᠣᠭᠤᠯᠤᠯᠲᠠ ᠶᠢ ᠰᠡᠷᠭᠦᠭᠡᠬᠦ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠤᠯᠤᠰ ᠤᠨ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠬᠤ ᠬᠡᠷᠡᠭᠳᠡᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠪᠦᠬᠦ ᠲᠠᠯ᠎ᠠ ᠪᠠᠷ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠬᠥᠳᠡᠯᠭᠡᠬᠦ ᠬᠦᠴᠦᠨ ᠤ ᠰᠣᠯᠢᠭᠳᠠᠯ᠂ ᠠᠷᠭ᠎ᠠ ᠬᠡᠯᠪᠡᠷᠢ ᠶᠢᠨ ᠬᠤᠪᠢᠷᠠᠯᠲᠠ᠂ ᠪᠦᠲᠦᠴᠡ ᠶᠢᠨ ᠲᠤᠬᠢᠷᠠᠭᠤᠯᠤᠯᠳᠠ ᠶᠢ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢ ᠤᠷᠳᠤ ᠬᠤᠭᠤᠴᠠᠭᠠᠨ ᠤ ᠡᠷᠡᠭᠦᠯ ᠲᠣᠭᠲᠠᠭᠤᠨ ᠬᠥᠭᠵᠢᠯᠲᠡ ᠶᠢᠨ ᠵᠠᠮ ᠳᠤ ᠣᠷᠣᠭᠤᠯᠬᠤ ᠭᠡᠷᠡᠭᠳᠠᠢ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠳᠡᠮᠵᠢᠵᠦ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ᠬᠠᠮᠲᠤᠷᠠᠯᠴᠠᠭᠠᠨ ᠤ ᠪᠣᠭᠤᠷᠰᠤᠭ ᠢᠶᠠᠨ ᠪᠤᠵᠠᠭᠠᠶᠢᠷᠠᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠬᠦᠷᠳᠡᠭᠡᠬᠦ ᠬᠡᠷᠡᠭᠳᠡᠢ᠃ ᠭᠤᠷᠪᠠᠳᠤᠭᠠᠷ ᠲᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠬᠤ ᠬᠡᠷᠡᠭᠳᠡᠢ᠃ ᠰᠢᠨ᠎ᠡ ᠶᠢ ᠡᠭᠦᠳᠬᠦ ᠨᠡᠮᠡᠭᠳᠡᠯ ᠤᠨ ᠲᠠᠯᠳᠠ ᠬᠦᠴᠦᠨ ᠢ ᠠᠭᠤᠳᠠᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠬᠠᠮᠲᠤ ᠪᠠᠷ ᠴᠢᠩᠭᠠᠳᠬᠠᠵᠤ᠂ ᠭᠦᠢᠴᠡᠳ ᠤᠷᠤᠯᠴᠠᠯᠭ᠎ᠠ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ ᠰᠠᠭᠤᠷᠢᠨ ᠳᠡᠭᠡᠷ᠎ᠡ ᠲᠦᠷᠢᠮ ᠲᠣᠭᠲᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠳᠤ ᠨᠡᠭᠡᠭᠡᠯᠲᠡᠲᠡᠢ᠂ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠦᠭᠡᠢ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠰᠢᠨ᠎ᠡ ᠶᠢ ᠡᠭᠦᠳᠬᠦ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠮᠡᠳᠡᠯᠭᠡ᠂ ᠮᠡᠷᠭᠡᠵᠢᠯ᠂ ᠴᠢᠳᠠᠪᠤᠷᠢᠲᠠᠨ ᠵᠡᠷᠭᠡ ᠰᠢᠨ᠎ᠡ ᠶᠢ ᠡᠭᠦᠳᠬᠦ ᠡᠯᠧᠮᠧᠨ᠋ᠲ ᠤᠨ ᠰᠢᠯᠵᠢᠯᠲᠡ ᠶᠢ ᠬᠢᠵᠠᠭᠠᠷᠯᠠᠵᠤ ᠪᠠᠶᠢᠭ᠎ᠠ ᠪᠠᠬᠢᠯᠡᠯᠲᠡ ᠶᠢ ᠴᠢᠷᠮᠠᠶᠢᠨ ᠡᠪᠳᠡᠬᠦ ᠬᠡᠷᠡᠭᠲᠡᠢ᠃ ᠳᠥᠷᠪᠡᠳᠦᠭᠡᠷ ᠲᠤ᠂ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠬᠡᠷᠡᠭᠳᠡᠢ᠃ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠬᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠪᠦᠬᠦ ᠪᠥᠮᠪᠥᠷᠴᠡᠭ ᠤᠨ ᠡᠬᠢ ᠪᠠᠶᠠᠯᠢᠭ ᠢ ᠲᠠᠶᠢᠴᠢᠯᠠᠨ᠂ ᠪᠦᠬᠦ ᠪᠥᠮᠪᠥᠷᠴᠡᠭ ᠤᠨ ᠥᠷᠢᠰᠥᠯᠳᠦᠭᠡᠨ ᠢ ᠠᠷᠭᠠᠴᠠᠭᠠᠵᠤ᠂ ᠪᠦᠬᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠡᠷᠡᠮ ᠢ ᠡᠪᠳᠡᠬᠦ ᠠᠴᠠ ᠪᠢᠰᠢ ᠬᠡᠷᠡᠮ ᠪᠤᠰᠬᠠᠬᠤ ᠦᠭᠡᠢ᠂ ᠠᠭᠤᠰᠤᠯᠴᠠᠬᠤ ᠠᠴᠠ ᠪᠢᠰᠢ ᠬᠠᠷᠢᠯᠴᠠᠭ᠎ᠠ ᠪᠠᠨ ᠲᠠᠰᠤᠯᠬᠤ ᠦᠭᠡᠢ᠂ ᠪᠠᠭᠲᠠᠭᠠᠮᠵᠢᠲᠠᠢ ᠠᠴᠠ ᠪᠢᠰᠢ ᠪᠤᠰᠤᠳ ᠢ ᠭᠠᠳᠠᠭᠤᠷᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ᠲᠥᠪ ᠭᠤᠣᠯᠴᠢ ᠰᠢᠳᠤᠷᠭᠤ ᠶᠣᠰᠣ ᠪᠠᠷ ᠣᠶᠢᠯᠠᠭᠠᠭᠳᠠᠬᠤᠨ ᠪᠣᠯᠭᠠᠵᠤ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠬᠦᠳᠦᠯᠦᠨ ᠳᠠᠭᠠᠭᠤᠯᠬᠤ ᠬᠡᠷᠡᠭᠲᠡᠢ᠃
     ᠰᠢ ᠶᠢᠨ ᠫᠢᠩ᠂ ᠳᠤᠮᠳᠠᠳᠤ ᠤᠯᠤᠰ ᠤᠨ ᠥᠨᠳᠥᠷ ᠲᠦᠪᠰᠢᠨ ᠪᠦᠬᠦᠢ ᠨᠡᠬᠡᠬᠡᠯᠳᠡ ᠪᠠᠨ ᠥᠷᠭᠡᠳᠭᠡᠬᠦ ᠵᠣᠷᠢᠭ ᠬᠤᠪᠢᠷᠠᠬᠤ ᠦᠭᠡᠢ᠂ ᠳᠤᠮᠳᠠᠳᠤ ᠤᠯᠤᠰ ᠤᠨ ᠨᠡᠬᠡᠬᠡᠯᠳᠡ ᠬᠢᠬᠦ ᠡᠭᠦᠳᠡ ᠶᠠᠪᠤᠬᠤ ᠳᠤᠳᠤᠮ ᠦᠷᠭᠡᠳᠬᠦ ᠪᠣᠯᠤᠨ᠎ᠠ᠃ ᠳᠤᠮᠳᠠᠳᠤ ᠤᠯᠤᠰ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠵᠤ᠂ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠢ ᠥᠨᠳᠥᠷ ᠲᠦᠪᠰᠢᠨ ᠢᠶᠠᠷ ᠬᠡᠷᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠶᠢ ᠠᠬᠢᠭᠤᠯᠵᠤ᠂ ᠪᠦᠬᠦ ᠪᠥᠮᠪᠥᠷᠴᠡᠭ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠲᠤ ᠨᠡᠩ ᠤᠯᠠᠨ ᠵᠠᠬ᠎ᠠ ᠳᠡᠯᠭᠡᠭᠦᠷ ᠤᠨ ᠠᠵᠠ ᠲᠣᠬᠢᠶᠠᠯ᠂ ᠪᠡᠯᠡ ᠣᠷᠣᠭᠤᠯᠤᠯᠲᠠ ᠶᠢᠨ ᠠᠵᠠ ᠲᠣᠬᠢᠶᠠᠯ᠂ ᠨᠡᠮᠡᠭᠳᠡᠯ ᠤᠨ ᠠᠵᠠ ᠲᠣᠬᠢᠶᠠᠯ ᠬᠠᠩᠭᠠᠨ᠎ᠠ᠃ ᠪᠢᠳᠡ ᠭᠠᠷ ᠬᠤᠯᠪᠣᠯᠴᠠᠨ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠣᠳᠣᠬᠠᠨ ᠤ ᠳᠡᠯᠡᠬᠡᠢ ᠶᠢᠨ ᠠᠵᠤ ᠠᠬᠤᠢ ᠵᠢᠴᠢ ᠤᠯᠠᠨ ᠤᠯᠤᠰ ᠤᠨ ᠠᠷᠠᠯᠵᠢᠶ᠎ᠠ ᠪᠠ ᠪᠡᠯᠡ ᠣᠷᠣᠭᠤᠯᠤᠯᠲᠠ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠬᠠᠮᠲᠤ ᠪᠠᠷ ᠰᠢᠢᠳᠪᠦᠷᠢᠯᠡᠵᠦ᠂ ᠨᠡᠩ ᠰᠠᠶᠢᠨ ᠰᠠᠶᠢᠬᠠᠨ ᠢᠷᠡᠭᠡᠳᠦᠢ ᠵᠦᠭ ᠤᠷᠤᠭᠰᠢᠯᠠᠶ᠎ᠠ ᠭᠡᠵᠦ ᠴᠢᠬᠤᠯᠠᠴᠢᠯᠠᠪᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1