ᠱᠤᠸᠠᠩ ᠾᠧ ᠪᠠᠯᠭᠠᠰᠤᠨ ᠤ ᠲᠧᠩ ᠹᠧᠢ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠨ ᠮᠡᠳᠦ︾ ᠭᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/22
      ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢᠨ ᠱᠠᠭᠠᠷᠳᠠᠯᠭ᠎ᠠ ᠶᠢ ᠨᠠᠶᠢᠳᠠᠪᠦᠷᠢᠵᠢᠭᠤᠯᠵᠦ᠂ ᠬᠠᠷᠢᠶᠠᠲᠤ ᠣᠷᠣᠨ ᠤ ᠪᠠᠨ ᠦᠨᠳᠦᠰᠦᠲᠡᠨ ᠤ ᠪᠦᠯᠬᠦᠮᠳᠡᠯ ᠢ ᠦᠷᠭᠦᠯᠵᠢᠯᠡᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠥᠬᠦ ᠲᠠᠯ᠎ᠠ ᠶᠢᠨ ᠰᠣᠯᠢᠯᠴᠠᠭ᠎ᠠ ᠂ ᠭᠦᠨᠵᠡᠭᠡᠢ ᠠᠭᠤᠰᠤᠯᠴᠠᠯ ᠢ ᠠᠬᠢᠭᠤᠯᠬᠤ ᠶᠢᠨ ᠲᠦᠯᠦᠭᠡ᠂ ᠣᠶᠢᠷ᠎ᠠ ᠳᠤ᠂ ᠱᠤᠸᠠᠩ ᠾᠧ ᠪᠠᠯᠭᠠᠰᠤᠨ ᠤ ᠲᠧᠩ ᠹᠧᠢ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠨᠡᠶᠢᠭᠡᠮ ᠲᠣᠭᠤᠷᠢᠭ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠵᠡᠷᠭᠡ ᠮᠠᠲ᠋ᠧᠷᠢᠶᠠᠯ ᠢ ᠲᠠᠶᠢᠯᠪᠤᠷᠢᠯᠠᠨ ᠥᠭᠴᠦ᠂ ᠲᠤᠬᠠᠢ ᠶᠢᠨ ᠲᠠᠯᠠᠪᠤᠷ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠷᠢᠶ᠎ᠠ ᠯᠣᠽᠦ᠋ᠩ ᠢ ᠳᠠᠷᠤᠮᠠᠯᠯᠠᠭᠰᠠᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠵᠤ᠂ ᠰᠠᠭᠤᠭᠠᠯᠢ ᠠᠷᠠᠳ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠰᠠᠭᠤᠭᠠᠯᠢ ᠠᠷᠠᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠤᠬᠠᠢ ᠣᠶᠢᠯᠠᠭᠠᠬᠤ ᠨᠣᠷᠮ᠎ᠠ᠂ ᠳᠡᠮᠵᠢᠬᠦ ᠨᠣᠷᠮ᠎ᠠ ᠪᠠ ᠣᠷᠤᠯᠴᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠲᠣᠭᠲᠠᠭᠤᠨ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠪᠠ᠃
     ᠲᠤᠬᠠᠢ ᠶᠢᠨ ᠲᠠᠯᠠᠪᠠᠶ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠ ᠠᠭᠤᠷ ᠠᠮᠢᠰᠬᠤᠯ ᠤᠨ ᠨᠥᠯᠥᠭᠡ ᠶᠡᠬᠡᠲᠡᠢ ᠪᠠᠶᠢᠬᠤ ᠪᠠᠷ ᠳᠠᠮᠵᠢᠭᠤᠯᠤᠨ᠂ ᠬᠠᠷᠢᠶᠠᠲᠤ ᠣᠷᠣᠨ ᠳᠠᠬᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠰᠠᠭᠤᠭᠠᠯᠢ ᠠᠷᠠᠳ ᠲᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠠᠭᠤᠯᠤᠭᠳᠠᠬᠤᠨ ᠢ ᠣᠶᠢᠯᠠᠭᠠᠭᠤᠯᠵᠤ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠢᠳᠡᠪᠬᠢ ᠬᠦᠴᠦᠨ ᠢ ᠳᠠᠮᠵᠢᠭᠤᠯᠵᠤ᠂ ᠦᠨᠳᠦᠰᠦᠲᠡᠨ ᠤ ᠪᠦᠯᠬᠦᠮᠳᠡᠯ᠂ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨᠬᠦ ᠪᠠᠲᠤᠳᠬᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠠᠢ᠃        ᠳᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠬᠠᠷᠢᠶᠠᠨ ᠳᠠᠬᠢ ᠰᠠᠭᠤᠭᠠᠯᠢ ᠠᠷᠠᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢ ᠤᠯᠠᠮ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠣᠯᠭᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1