ᠲᠣᠭᠲᠠᠬᠤ ᠰᠢᠶᠠᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/22
      ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ᠨᠠᠰᠤᠲᠠᠶᠢᠴᠤᠳ ᠤᠨ ᠮᠡᠬᠡᠯᠡᠬᠦ ᠶᠢ ᠲᠠᠨᠢᠵᠤ ᠮᠡᠬᠡᠯᠡᠬᠦ ᠶᠢ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ ᠵᠡᠷᠭᠡ ᠲᠤᠰᠬᠠᠢ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠲᠠᠢ ᠬᠠᠮᠲᠤᠷᠠᠨ ᠲᠣᠭᠲᠠᠬᠤ ᠰᠣᠶᠣᠯ ᠤᠨ ᠲᠠᠯᠠᠪᠠᠶ ᠳᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠠᠰᠤᠲᠠᠶᠢᠴᠤᠳ ᠤᠨ ᠮᠡᠬᠡᠯᠡᠯ ᠢ ᠰᠡᠷᠭᠡᠶᠢᠯᠡᠬᠦ ᠠᠵᠢᠯᠯᠠᠭ᠎ᠠ ᠶᠢ ᠤᠬᠠᠭᠤᠯᠤᠨ ᠵᠢᠯᠣᠭᠤᠳᠪᠠ᠃
     ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠮᠢᠩ ᠠᠵᠢᠯᠯᠠᠭ᠎ᠠ ᠳᠤ ᠣᠷᠣᠯᠴᠠᠪᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠡᠯᠭᠦᠭᠡ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠷᠠᠳᠢᠣ᠋ ᠨᠡᠪᠲᠡᠷᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠤᠲᠠᠶᠢᠴᠤᠳ ᠲᠤ ᠣᠶᠢᠷ᠎ᠠ ᠶᠢᠨ ᠬᠤᠭᠤᠴᠠᠭᠠᠨ ᠤ ᠨᠠᠰᠤᠵᠢᠯ ᠤᠨ ᠮᠡᠬᠡᠯᠡᠯ ᠤᠨ ᠰᠢᠨ᠎ᠡ ᠬᠡᠯᠪᠡᠷᠢ᠂ ᠰᠢᠨ᠎ᠡ ᠣᠨᠴᠠᠯᠢᠭ ᠢ ᠤᠬᠠᠭᠤᠯᠵᠤ᠂ ᠮᠡᠬᠡᠯᠡᠯ ᠢ ᠰᠡᠷᠭᠡᠶᠢᠯᠡᠬᠦ ᠬᠤᠯᠪᠣᠭᠳᠠᠯ ᠪᠦᠬᠦᠢ ᠮᠡᠳᠡᠯᠭᠡ ᠵᠢᠴᠢ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠨ ᠥᠭᠴᠦ᠂ ᠨᠠᠰᠤᠲᠠᠶᠢᠴᠤᠳ ᠤᠨ ᠮᠠᠳᠠᠭ ᠲᠠᠢ ᠠᠰᠠᠭᠤᠳᠠᠯ ᠢ ᠤᠯᠠᠮ ᠨᠢᠭᠡ ᠠᠯᠬᠤᠮ ᠲᠠᠶᠢᠯᠪᠤᠷᠢᠯᠠᠵᠤ ᠥᠭᠴᠡᠢ᠃ ᠡᠭᠦᠨ ᠤ ᠬᠠᠮᠲᠤ᠂ ᠨᠠᠰᠤᠲᠠᠶᠢᠴᠤᠳ ᠲᠤ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠥᠪᠡᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠰᠡᠳᠬᠢᠯ ᠰᠠᠨᠠᠭ᠎ᠠ ᠪᠠᠨ ᠲᠥᠪ ᠪᠣᠯᠭᠠᠨ᠂ ᠣᠶᠤᠨᠴᠢ ᠪᠠᠷ ᠵᠠᠳᠠᠯᠤᠯᠲᠠ ᠬᠢᠵᠦ᠂ ᠤᠬᠠᠮᠰᠠᠷ   ᠠᠴᠠ ᠪᠠᠨ ᠡᠯ᠎ᠡ ᠵᠦᠢᠯ ᠤᠨ ᠥᠳᠥᠭᠡᠯᠭᠡ ᠶᠢ ᠡᠰᠡᠷᠭᠦᠴᠡᠨ ᠬᠤᠷᠢᠭᠯᠠᠵᠤ᠂ ᠮᠡᠬᠡᠯᠡᠭᠳᠡᠬᠦ ᠠᠴᠠ ᠵᠠᠶᠢᠯᠠᠰᠬᠢᠬᠦ ᠬᠡᠷᠡᠭᠲᠡᠢ᠂ ᠵᠠᠪᠠᠯ ︽ᠰᠣᠨᠣᠰᠬᠤ ᠦᠭᠡᠢ᠂ ᠢᠲᠡᠭᠡᠬᠦ ᠦᠭᠡᠢ᠂ ᠲᠠᠩᠰᠠ ᠰᠢᠯᠵᠢᠭᠦᠯᠬᠦ ᠦᠭᠡᠢ᠂ ᠵᠣᠭᠤᠰ ᠭᠤᠪᠢᠭᠤᠯᠬᠤ ᠦᠭᠡᠢ︾ ᠪᠠᠶᠢᠬᠤ ᠶᠢ ᠪᠠᠲᠤ ᠴᠡᠭᠡᠵᠢᠯᠡᠵᠦ᠂ ᠠᠰᠠᠭᠤᠳᠠᠯ ᠲᠤᠯᠭᠠᠷᠠᠪᠠᠯ ᠴᠠᠭ ᠲᠤᠬᠠᠢ ᠳᠤᠨᠢ ᠴᠠᠭᠳᠠᠭᠠᠨ ᠳᠤ ᠮᠡᠳᠡᠭᠦᠯᠵᠦ᠂ ᠥᠪᠡᠷ ᠤᠨ ᠨᠠᠰᠤᠵᠢᠯ ᠤᠨ ᠠᠰᠠᠷᠠᠮᠵᠢ ᠶᠢᠨ ︽ᠵᠣᠭᠤᠰᠤᠨ ᠤᠭᠤᠲᠠ︾ ᠪᠠᠨ ᠪᠠᠭᠠᠰᠬᠠᠬᠤ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃
      ᠤᠬᠠᠭᠤᠯᠭ᠎ᠠ ᠶᠢᠨ ᠠᠵᠢᠯᠯᠠᠭ᠎ᠠ ᠨᠢ ᠮᠡᠬᠡᠯᠡᠯ ᠤᠨ ᠡᠲᠡᠭᠡᠳ ᠤᠨ ᠬᠡᠷᠡᠭᠯᠡᠵᠦ ᠳᠠᠳᠤᠭᠰᠠᠨ ᠠᠷᠭ᠎ᠠ ᠪᠠᠰᠢᠷ ᠢ ᠤᠯᠠᠨ ᠳᠤ ᠨᠡᠶᠢᠲᠡᠯᠡᠵᠦ᠂ ᠨᠠᠰᠤᠲᠠᠶᠢᠴᠤᠳ ᠲᠤ ᠨᠠᠰᠤᠵᠢᠯ ᠤᠨ ᠮᠡᠬᠡᠯᠡᠯ ᠤᠨ ︽ᠠᠷᠭ᠎ᠠ ᠵᠠᠮ︾ ᠤᠨ ᠠᠷᠭ᠎ᠠ ᠪᠠᠷᠢᠯ ᠢ ᠣᠶᠢᠯᠠᠭᠠᠭᠤᠯᠵᠤ᠂ ᠥᠷᠭᠡᠨ ᠤᠯᠠᠨ ᠨᠠᠰᠤᠲᠠᠶᠢᠴᠤᠳ ᠤᠨ ᠮᠡᠬᠡᠯᠡᠬᠦ ᠶᠢ ᠲᠠᠨᠢᠵᠤ ᠮᠡᠬᠡᠯᠡᠬᠦ ᠶᠢ ᠰᠡᠷᠭᠡᠶᠢᠯᠡᠬᠦ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ︽ᠨᠠᠰᠤᠵᠢᠯ ᠤᠨ ᠮᠡᠬᠡᠯᠡᠯ ᠢ ᠬᠥᠮᠥᠨ ᠪᠦᠬᠦᠨ ᠴᠣᠬᠢᠬᠤ︾ ᠨᠡᠶᠢᠭᠡᠮ ᠤᠨ ᠠᠭᠤᠷ ᠠᠮᠢᠰᠬᠤᠯ ᠢ ᠨᠡᠮᠡᠭᠳᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠦᠷᠢᠯᠳᠦᠭᠦᠯᠵᠦ ᠥᠭᠴᠡᠢ᠃      ᠠᠵᠢᠯᠯᠠᠭ᠎ᠠ ᠳᠤ ︽ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠡᠬᠡᠯᠡᠯ ᠢ ᠰᠡᠷᠭᠡᠶᠢᠯᠡᠬᠦ ᠵᠦᠭᠯᠡᠭᠦᠷ︾ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ︾᠂ ᠨᠠᠰᠤᠲᠠᠶᠢᠴᠤᠳ ᠤᠨ ᠮᠡᠬᠡᠯᠡᠯ ᠢ ᠰᠡᠷᠭᠡᠶᠢᠯᠡᠬᠦ ᠵᠠᠷᠯᠠᠯ ᠵᠡᠷᠭᠡ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 5000 ᠭᠠᠷᠤᠢ ᠬᠤᠪᠢ ᠲᠠᠷᠬᠠᠭᠠᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1