ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/22
      5 ᠳ᠋ᠤᠭᠠᠷ ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 9 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠢ ᠨᠠᠢᠮᠠᠳᠤᠭᠠᠷ ᠲᠠᠪᠤᠨ ᠵᠢᠯ ᠤᠨ ᠲᠥᠯᠦᠪᠵᠢᠭᠦᠯᠭᠡ ︵2021 ︱ 2025 ᠣᠨ︶︾᠂ ︽2022 ᠣᠨ ᠤ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠥᠯ︾ ᠵᠡᠷᠭᠡ ᠶᠠᠪᠤᠳᠠᠯ ᠢ ᠰᠤᠳᠤᠯᠤᠨ ᠶᠠᠷᠢᠯᠴᠠᠵᠤ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃
     ᠬᠤᠷᠠᠯ ᠠᠴᠠ᠂ ᠬᠥᠬᠡᠬᠤᠲᠠ ᠶᠢᠨ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠯᠡᠯ ᠵᠢᠴᠢ  ᠲᠤᠭᠳᠠᠬᠤ ᠴᠢᠩ ᠱᠦᠢ ᠾᠧ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠢ ᠢᠳᠡᠪᠬᠢᠲᠡᠢ ᠪᠡᠯᠡᠳᠬᠡᠵᠦ᠂ ᠲᠣᠭᠲᠠᠬᠤ ᠠᠵᠤ ᠦᠢᠯᠡᠰ ᠤᠨ ᠬᠦᠷᠢᠶᠡᠯᠡᠩ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠢ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠯᠭᠠᠭᠤᠯᠬᠤ ᠶᠢ ᠴᠢᠩᠭᠠᠳᠬᠠᠵᠤ᠂ ᠠᠵᠢᠯ ᠡᠬᠢᠯᠡᠭᠦᠯᠬᠦ ᠶᠣᠰᠣᠯᠠᠯ ᠤᠨ ᠲᠡᠭᠦᠰ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠢ᠃ ᠠᠵᠢᠯ ᠡᠬᠢᠯᠡᠭᠦᠯᠦᠭᠡᠳᠦᠢ ᠲᠥᠷᠥᠯ ᠵᠦᠢᠯ ᠳᠤ ᠴᠢᠭᠯᠡᠭᠦᠯᠦᠨ᠂ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠨᠦᠭᠦᠳ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠠᠮᠤᠷ ᠲᠦᠪᠰᠢᠨ ᠤ ᠲᠤᠰᠬᠠᠢ ᠬᠠᠭᠤᠳᠠᠰᠤ᠂ ᠣᠷᠴᠢᠨ ᠲᠣᠭᠤᠷᠢᠨ ᠤ ᠨᠥᠯᠥᠭᠡ ᠶᠢᠨ ᠦᠨᠡᠯᠡᠯᠲᠡ᠂ ᠭᠠᠵᠠᠷ ᠰᠢᠷᠣᠢ ᠶᠢᠨ ᠬᠢᠨᠠᠨ ᠵᠥᠪᠰᠢᠶᠡᠷᠡᠯ ᠵᠡᠷᠭᠡ ᠭᠤᠣᠯᠳᠠᠯᠭ᠎ᠠ ᠲᠠᠢ ᠭᠠᠷᠳᠠᠮ ᠤᠨ ᠲᠣᠭᠤᠷᠢᠨ ᠳᠤ᠂ ᠲᠤᠰᠬᠠᠢ ᠬᠥᠮᠥᠨ ᠲᠣᠬᠢᠷᠠᠭᠤᠯᠤᠨ᠂ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠬᠡᠨ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ ᠳᠤ ᠴᠢᠭᠯᠡᠭᠦᠯᠦᠨ᠂  ᠬᠤᠯᠪᠤᠭᠠᠯᠠᠨ ᠲᠠᠭᠠᠴᠢᠯᠠᠭᠰᠠᠨ ᠬᠠᠷᠢᠭᠤᠴᠠᠯᠭᠠᠲᠠᠨ ᠨᠥᠬᠦᠳ ᠠᠵᠤ ᠠᠬᠤᠶᠢᠯᠠᠯ ᠤᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ ᠲᠤᠯᠭᠠᠷᠠᠭᠰᠠᠨ ᠡᠯ᠎ᠡ ᠲᠥᠷᠥᠯ ᠤᠨ ᠠᠰᠠᠭᠤᠳᠠᠯ ᠢ ᠵᠦᠢᠯ ᠳᠠᠷᠠᠭᠠᠯᠠᠨ ᠰᠤᠳᠤᠯᠤᠨ ᠰᠢᠢᠳᠪᠦᠷᠢᠯᠡᠵᠦ᠂ ᠲᠥᠷᠥᠯ ᠵᠦᠢᠯ ᠢ ᠲᠥᠯᠥᠪᠯᠡᠭᠡ ᠶᠣᠰᠣᠭᠠᠷ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠤᠶᠠᠳᠤᠭᠠᠷ ᠤᠯᠠᠷᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠣᠶᠢᠨᠠᠩᠦ ᠴᠢᠩᠬᠠᠣᠠᠬᠠᠬᠤ ᠬᠡᠷᠠᠭᠲᠠᠢ᠃ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ ᠶᠢ ᠲᠦᠷᠭᠡᠳᠬᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠬᠥᠮᠥᠨ ᠤ ᠭᠦᠢᠯᠭᠡᠭᠡ᠂ ᠪᠠᠷᠠᠭᠠᠨ ᠤ ᠭᠦᠢᠯᠭᠡᠭᠡ ᠶᠢ ᠰᠠᠭᠠᠳ ᠦᠭᠡᠢ ᠨᠠᠪᠲᠠᠷᠡᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠢ ᠰᠡᠷᠭᠦᠭᠡᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠵᠦᠢᠯᠡᠰ ᠢ ᠪᠦᠷᠢᠳᠬᠡᠵᠦ ᠬᠥᠮᠥᠷᠭᠡ ᠳᠤ ᠣᠷᠣᠭᠤᠯᠬᠤ ᠠᠵᠢᠯ ᠢ ᠴᠢᠩᠭ᠎ᠠ ᠠᠳᠬᠤᠬᠤ ᠬᠡᠷᠡᠭᠲᠡᠢ᠃ ᠰᠢᠨ᠎ᠡ ᠬᠡᠯᠪᠡᠷᠢ ᠶᠢᠨ ᠰᠢᠯᠢᠳᠡᠭ ᠡᠳ᠋ ᠤᠨ ᠢᠷᠡᠯᠲᠡ ᠶᠢ ᠢᠳᠡᠪᠬᠢᠲᠡᠢ ᠪᠠᠷ ᠪᠣᠶᠢᠵᠢᠭᠤᠯᠵᠤ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠵᠤ᠂ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢ ᠴᠢᠩᠭ᠎ᠠ ᠠᠳᠬᠤᠵᠤ᠂ ᠣᠷᠣᠯᠭ᠎ᠠ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠭᠠᠶᠢᠯᠢ ᠲᠠᠲᠠᠪᠤᠷᠢ ᠶᠢᠨ ᠣᠷᠣᠯᠭ᠎ᠠ ᠪᠠ ᠭᠠᠶᠢᠯᠢ ᠲᠠᠲᠠᠪᠤᠷᠢ ᠶᠢᠨ ᠪᠤᠰᠤ ᠣᠷᠣᠯᠭ᠎ᠠ ᠶᠢᠨ ᠬᠤᠷᠢᠶᠠᠬᠤ ᠶᠣᠰᠣᠲᠠᠢ ᠶᠢ ᠨᠢ ᠴᠥᠮ ᠬᠤᠷᠢᠶᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠰᠢᠶᠠᠨ ᠤ ᠤᠳᠤᠷᠢᠳᠤᠯᠭ᠎ᠠ ᠯᠢᠦ ᡁᠢ ᠴᠢᠶᠠᠩ᠂ ᠶᠠᠩ ᠶᠢᠨ᠂ ᠶᠦᠨ ᠵᠢᠶᠠᠨ ᠵᠥᠩ᠂ ᠰᠢᠶ᠋ᠧ ᠴᠦᠨ ᠯᠦᠩ᠂ ᠡᠯ᠎ᠡ ᠪᠠᠯᠭᠠᠰᠤ᠂ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1