ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠪᠥᠬᠦ ᠰᠢᠶᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/5/22
      5 ᠳ᠋ᠤᠭᠠᠷ ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 57 ᠳ᠋ᠤᠭᠠᠷ ᠬᠤᠷᠠᠯᠳᠤᠭᠠᠨ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠥᠷᠢ ᠰᠢᠷᠢ ᠪᠠᠨ ᠠᠷᠢᠯᠭᠠᠬᠤ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠪᠡ᠃      ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠡᠷᠭᠢᠯᠡᠪᠡ᠃
     ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ᠂ 100 ᠵᠢᠯ ᠤᠨ ᠲᠤᠷᠰᠢᠬᠢ ᠡᠪ ᠬᠠᠮᠲᠤ ᠵᠠᠯᠠᠭᠤᠴᠤᠳ ᠤᠨ ᠡᠪᠯᠡᠯ ᠤᠨ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠵᠤ᠂ ᠨᠠᠮ ᠪᠠ ᠠᠷᠠᠳ ᠲᠦᠮᠡᠨ ᠤ ᠦᠢᠯᠡᠰ ᠤᠨ ᠲᠥᠯᠥᠭᠡ ᠲᠡᠮᠡᠴᠡᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠪᠦᠬᠦ ᠲᠠᠯ᠎ᠠ ᠪᠠᠷ ᠡᠷᠭᠢᠴᠡᠭᠦᠯᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠭᠤᠨ ᠵᠢᠯ ᠤᠨ ᠠᠶᠠᠨ ᠵᠠᠮ ᠳᠤ ᠪᠦᠷᠢᠯᠳᠦᠭᠰᠡᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠴᠢᠷᠮᠠᠶᠢᠬᠤ ᠴᠢᠭᠯᠡᠯ ᠢ ᠲᠣᠳᠣᠷᠬᠠᠢ ᠵᠢᠭᠠᠵᠤ᠂ ᠥᠷᠭᠡᠨ ᠤᠯᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠺᠠᠳ᠋ᠷᠴᠤᠳ ᠲᠤ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠨᠢ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠵᠢᠯᠤᠭᠤᠳᠬᠤ ᠴᠢᠨᠠᠷ ᠲᠠᠢ ᠶᠤᠮ ᠭᠡᠪᠡ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠵᠠᠯᠠᠭᠤᠴᠤᠳ ᠤᠨ ᠠᠵᠢᠯ ᠢ ᠦᠨᠡᠨᠬᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠡᠭᠦᠷᠭᠡ ᠪᠣᠯᠭᠠᠨ ᠠᠳᠬᠤᠵᠤ᠂ ᠨᠠᠮ ᠤᠨ ᠪᠠᠶᠢᠭᠤᠯᠤᠯᠲᠠ ᠪᠠᠷ ᠳᠠᠶᠢᠴᠢᠯᠠᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠡᠪᠯᠡᠯ ᠤᠨ ᠪᠠᠶᠢᠭᠤᠯᠤᠯᠲᠠ ᠶᠢ ᠬᠦᠴᠦᠯᠡᠨ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠢᠮᠠᠭᠲᠠ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠤᠬᠠᠭᠤᠯᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠤᠬᠠᠭᠤᠯᠭ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠬᠡᠯᠪᠡᠷᠢ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠰᠢᠨ᠎ᠡ ᠵᠠᠭᠤᠴᠢᠯᠠᠭᠤᠷ ᠤᠨ ᠠᠷᠭ᠎ᠠ ᠬᠡᠯᠪᠡᠷᠢ ᠶᠢ ᠰᠠᠶᠢᠲᠤᠷ ᠬᠡᠷᠡᠭᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠥᠷᠭᠡᠨ ᠤᠯᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠳᠤᠮᠳᠠ ᠰᠤᠷᠤᠯᠴᠠᠯᠭ᠎ᠠ ᠤᠬᠠᠭᠤᠯᠭ᠎ᠠ ᠶᠢᠨ ᠬᠠᠯᠠᠭᠤᠨ ᠥᠷᠨᠢᠯᠲᠡ ᠭᠠᠷᠭᠠᠬᠤ ᠶᠢ ᠠᠬᠢᠭᠤᠯᠬᠤ ᠬᠡᠷᠡᠭᠲᠡᠢ᠃ ᠡᠪᠯᠡᠯ ᠤᠨ ᠰᠢᠶᠠᠨ ᠤ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠷᠭᠡᠨ ᠤᠯᠠᠨ ᠵᠠᠯᠠᠭᠤᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠢᠮᠠᠭᠲᠠ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠦᠨᠳᠦᠰᠦᠨ ᠱᠠᠲᠤᠨ ᠳᠤ ᠢᠳᠡᠪᠬᠢᠲᠡᠢ ᠦᠨᠳᠦᠰᠦᠯᠡᠵᠦ᠂ ᠤᠯᠠᠨ ᠲᠦᠮᠡᠨ ᠳᠤ ᠦᠢᠯᠡᠴᠢᠯᠡᠬᠦ ᠡᠮᠦᠨ᠎ᠡ ᠹᠷᠣᠨᠲ ᠲᠤ ᠰᠠᠯᠬᠢ ᠪᠣᠷᠣᠭᠠᠨ ᠢ ᠦᠵᠡᠵᠦ᠂ ᠶᠠᠰᠤ ᠰᠢᠷᠪᠦᠰᠦ ᠪᠠᠨ ᠴᠢᠩᠭᠠᠷᠠᠭᠤᠯᠵᠤ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ︔ ᠥᠷᠭᠡᠨ ᠤᠯᠠᠨ ᠵᠠᠯᠠᠭᠤᠴᠤᠳ ᠢ ᠬᠥᠲᠥᠯᠥᠨ ᠵᠢᠯᠤᠭᠤᠳᠴᠤ ᠪᠠᠶᠢᠭᠠᠳ ︽5·4︾ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠰᠠᠯᠬᠢ ᠳᠠᠪᠠᠯᠭᠠᠨ ᠠᠴᠠ ᠠᠶᠤᠬᠤ ᠦᠭᠡᠢ ᠪᠠᠶᠢᠯᠭᠠᠵᠤ᠂ ᠠᠵᠢᠯ ᠤᠨ ᠴᠢᠭᠯᠡᠯ ᠢᠶᠠᠨ ᠴᠢᠨᠠᠭᠰᠢᠳᠠ ᠵᠥᠪ ᠣᠨᠣᠪᠴᠢᠲᠠᠢ ᠬᠠᠷᠭᠤᠭᠤᠯᠵᠤ᠂ ᠬᠦᠴᠦᠯᠡᠬᠦ ᠭᠤᠣᠯᠳᠠᠯᠭ᠎ᠠ ᠪᠠᠨ ᠲᠣᠳᠣᠷᠬᠠᠶᠢᠯᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠲᠤᠪᠤᠶᠢᠯᠭᠠᠵᠤ᠂ ᠨᠡᠩ ᠶᠡᠭᠡ ᠦᠢᠯᠡᠳᠦᠯ ᠢᠶᠠᠨ ᠪᠠᠳᠠᠷᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠣᠭᠲᠠᠬᠤ ᠰᠢᠶᠠᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠭᠦᠨᠵᠡᠭᠡᠢ ᠰᠤᠳᠤᠯᠤᠨ ᠲᠥᠯᠥᠪᠵᠢᠭᠦᠯᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠢᠯᠠᠯᠲᠠ ᠣᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠬᠢᠵᠦ᠂ ᠪᠦᠬᠦ ᠰᠢᠶᠠᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠪᠥᠬᠦ ᠬᠤᠲᠠ ᠶᠢᠨ ︽ᠵᠢᠷᠭᠤᠭᠠᠨ ᠲᠣᠮᠣ ᠠᠵᠤ ᠦᠢᠯᠡᠰ ᠤᠨ ᠪᠦᠯᠦᠭᠯᠡᠯ︾ ᠤᠨ ᠬᠥᠭᠵᠢᠯᠲᠡ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠳᠤᠮᠳᠠ ᠠᠴᠠ ᠨᠢ ᠴᠢᠭᠯᠡᠯ ᠡᠷᠢᠬᠦ᠂ ᠪᠠᠶᠢᠷᠢ ᠲᠣᠭᠲᠠᠭᠠᠯᠲᠠ ᠡᠷᠢᠬᠦ ᠶᠢ ᠪᠠᠷᠢᠮᠲᠠᠯᠠᠵᠤ᠂ ᠪᠣᠬᠢᠷᠳᠤᠯ ᠦᠭᠡᠢ ᠴᠠᠬᠢᠯᠭᠠᠨ ᠬᠦᠴᠦᠨ᠂ ᠣᠳᠣᠬᠢᠴᠢᠯᠠᠭᠰᠠᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ ᠡᠮᠨᠡᠯᠭᠡ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠵᠡᠷᠭᠡ ᠭᠤᠣᠯᠯᠠᠬᠤ ᠠᠵᠤ ᠦᠢᠯᠡᠰ ᠤᠨ ᠲᠣᠭᠤᠷᠢᠨ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠲᠡᠷᠢᠭᠦᠨ ᠤ ᠦᠶᠯᠡᠳᠬᠦ ᠦᠢᠯᠡᠰ ᠲᠤ ᠴᠢᠭᠯᠡᠭᠦᠯᠦᠨ᠂ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠶᠢ ᠶᠡᠬᠡᠪᠡᠷ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠳᠣᠣᠷᠠᠳᠤ ᠤᠷᠤᠰᠬᠠᠯ ᠳᠠᠰᠢ ᠥᠷᠭᠡᠵᠢᠨ᠂ ᠥᠷᠲᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠠᠰ ᠳᠠᠰᠢ ᠳᠡᠭᠡᠭᠰᠢᠯᠡᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠬᠡᠷᠡᠭᠲᠡᠢ︔ ᠪᠥᠬᠦ ᠰᠢᠶᠠᠨ ᠤ ᠡᠯ᠎ᠡ ᠬᠤᠳᠠᠯᠳᠤᠭᠠᠴᠢᠨ ᠤᠷᠢᠬᠤ ᠠᠵᠢᠯ ᠤᠨ ᠲᠤᠰᠬᠠᠢ ᠠᠩᠭᠢ ᠨᠢ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠲᠠᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠠᠯᠠᠭᠤᠨ ᠥᠷᠨᠢᠯᠲᠡ ᠶᠢ ᠪᠥᠬᠦ ᠲᠠᠯ᠎ᠠ ᠪᠠᠷ ᠪᠣᠶ ᠪᠣᠯᠭᠠᠬᠤ ᠬᠡᠷᠡᠭᠲᠡᠢ᠃ ᠪᠥᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠬᠤ ᠶᠢ ᠪᠠᠷᠢᠮᠲᠠᠯᠠᠵᠤ᠂ 2022 ᠣᠨ ᠤ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠡᠭᠦᠯᠳᠡᠷᠵᠢᠭᠦᠯᠬᠦ ᠶᠢ ᠲᠦᠷᠭᠡᠳᠬᠡᠨ ᠠᠬᠢᠭᠤᠯᠵᠤ᠂ ᠠᠵᠢᠯ ᠡᠬᠢᠯᠡᠭᠦᠯᠬᠦ ᠨᠥᠬᠦᠴᠡᠯ ᠢ ᠬᠠᠪᠰᠤᠷᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠥᠪᠯᠡᠷᠡᠭᠦᠯᠦᠨ ᠬᠢᠨᠠᠨ ᠵᠥᠪᠰᠢᠶᠡᠷᠡᠬᠦ᠂ ᠲᠥᠪᠯᠡᠷᠡᠭᠦᠯᠦᠨ ᠠᠵᠢᠯ ᠡᠬᠢᠯᠡᠭᠦᠯᠬᠦ᠂ ᠲᠥᠪᠯᠡᠷᠡᠭᠦᠯᠦᠨ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠠᠵᠢᠯ ᠤᠨ ᠰᠡᠳᠬᠢᠴᠡ ᠪᠠᠨ ᠲᠠᠰᠤᠷᠠᠯᠲᠠ ᠦᠭᠡᠢ ᠰᠢᠨ᠎ᠡ ᠪᠠᠷ ᠡᠭᠦᠳᠴᠦ᠂ ᠠᠵᠢᠯ ᠤᠨ ᠶᠠᠪᠤᠴᠠ ᠪᠠᠨ ᠰᠢᠯᠢᠳᠡᠭᠵᠢᠭᠦᠯᠦᠨ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠪᠦᠲᠦᠭᠡᠨ ᠪᠠᠶᠢᠭᠤᠯᠬᠤ᠂ ᠠᠵᠢᠯᠯᠠᠭᠤᠯᠬᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠵᠡᠷᠭᠡ ᠲᠠᠯ᠎ᠠ ᠪᠠᠷ᠂ ᠪᠡᠯᠡ ᠣᠷᠣᠭᠤᠯᠤᠭᠰᠠᠨ ᠠᠵᠤ ᠠᠬᠤᠶᠢᠯᠠᠯ ᠪᠠ ᠣᠷᠣᠵᠤ ᠰᠠᠭᠤᠬᠤ ᠲᠦᠷᠦᠯ ᠵᠦᠢᠯ ᠨᠢᠭᠡᠪᠦᠷᠢ ᠳᠤ ᠪᠦᠬᠦᠯᠢ ᠡᠳᠦᠷ ᠤᠨ᠂ ᠪᠦᠬᠦ ᠦᠶᠡᠯᠡᠯ ᠤᠨ ᠬᠤᠭᠤᠴᠠᠭ᠎ᠠ ᠲᠠᠢ᠂ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠦᠨᠡᠨᠬᠦ ᠰᠠᠶᠢᠨ ᠠᠵᠤ ᠠᠬᠤᠶᠢᠯᠠᠯ ᠤᠨ ᠦᠢᠯᠡᠴᠢᠯᠡᠭᠴᠢ᠂ ︽ᠳᠡᠯᠭᠡᠭᠦᠷ ᠤᠨ ᠪᠠᠭ᠎ᠠ ᠬᠤᠶᠠᠳᠤᠭᠠᠷ︾ ᠪᠣᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠦᠨᠡᠨ ᠰᠡᠳᠬᠢᠯ ᠠᠴᠠ ᠪᠠᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠠᠭᠠᠯᠠᠨ᠎ᠠ᠃ ᠡᠭᠦᠨ ᠤ ᠵᠡᠷᠭᠡᠴᠡᠭᠡᠪᠡᠷ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠬᠢᠨᠠᠮᠠᠭᠠᠢ ᠵᠠᠳᠠᠯᠵᠤ᠂ ᠪᠦᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠢ ᠦᠨᠡᠨ ᠬᠦ ᠰᠠᠶᠢᠲᠤᠷ ᠠᠳᠬᠤᠵᠤ᠂ ︽ᠴᠠᠭ ᠬᠠᠭᠠᠰ ᠠᠴᠠ ᠬᠡᠲᠦᠷᠡᠵᠦ᠂ ᠡᠭᠦᠷᠭᠡ ᠬᠠᠭᠠᠰ ᠠᠴᠠ ᠬᠡᠲᠦᠷᠡᠬᠦ︾ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ  ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      ᠰᠢᠶᠠᠨ ᠤ ᠤᠳᠤᠷᠢᠳᠤᠯᠭ᠎ᠠ ᠰᠦᠨ ᠰᠢᠶᠦ᠋ᠨ᠂ ᠸᠠᠩ ᠮᠢᠩ ᠵᠢᠴᠢ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1