5 ᠳ᠋ᠤᠭᠠᠷ ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠭᠤᠷᠪᠠᠳᠤᠭᠠᠷ ᠬᠤᠷᠠᠯ ᠬᠤᠷᠠᠯᠳᠤᠵᠤ᠂ ᠲᠥᠪ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠨ ᠳᠥᠷᠪᠡᠳᠦᠭᠡᠷ᠂ ᠬᠤᠷᠢᠨ | ᠲᠠᠪᠤᠳᠤᠭᠠᠷ ᠬᠤᠷᠠᠯ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ | ᠵᠥᠪᠯᠡᠯ ᠤᠨ ᠠᠷᠪᠠᠨ ᠨᠠᠢᠮᠠᠳᠤᠭᠠᠷ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ︔ | ︽ᠰᠢᠶᠠᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ | 2021 ᠣᠨ ᠤ ᠠᠵᠢᠯ ᠤᠨ ᠳ᠋ᠦᠩᠨᠡᠯᠲᠡ︾ ︽ᠰᠢᠶᠠᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2022 ᠣᠨ ᠤ ᠠᠵᠢᠯ ᠤᠨ ᠭᠤᠣᠯᠳᠠᠯᠭ᠎ᠠ︾ ᠶᠢ ᠰᠤᠳᠤᠯᠤᠨ | ᠶᠠᠷᠢᠯᠴᠠᠪᠠ᠃ | | | | | ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠡᠷᠬᠢᠯᠡᠭᠴᠢ ᠯᠢ ᠴᠦᠨ ᠶᠠᠨ ᠬᠤᠷᠠᠯ ᠡᠷᠭᠢᠯᠡᠪᠡ᠃ | ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢᠰᠲ᠋ᠧᠮ ᠲᠠᠢ | ᠲᠥᠯᠥᠪᠵᠢᠭᠦᠯᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠠᠵᠢᠯ ᠤᠨ | ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠠᠰᠤᠷᠠᠯᠳᠡ ᠦᠭᠡᠢ | ᠭᠦᠨᠵᠡᠭᠡᠶᠢᠷᠡᠭᠦᠯᠬᠦ᠂ ᠥᠭᠡᠷᠡᠴᠢᠯᠡᠯᠲᠡ ᠶᠢᠨ ᠡᠭᠦᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠥᠭᠡᠷᠡᠴᠢᠯᠡᠯᠲᠡ ᠶᠢᠨ ᠠᠷᠭ᠎ᠠ ᠪᠠᠷ ᠤᠷᠤᠭᠰᠢᠯᠠᠯᠲᠠ ᠶᠢᠨ ᠳᠤᠮᠳᠠᠬᠢ | ᠠᠰᠠᠭᠤᠳᠠᠯ ᠢ ᠰᠢᠢᠳᠪᠦᠷᠢᠯᠡᠵᠦ᠂ ᠲᠣᠭᠲᠠᠬᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠬᠦᠴᠦᠷᠬᠡᠭ ᠶᠡᠭᠡ ᠬᠥᠳᠡᠯᠭᠡᠭᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠥᠷᠭᠡᠨ ᠣᠯᠠᠨ ᠺᠠᠳ᠋ᠷ ᠢᠯᠠᠩᠭᠤᠶ᠎ᠠ ᠤᠳᠤᠷᠢᠳᠬᠤ | ᠺᠠᠳ᠋ᠷ ᠰᠢ ᠶᠢᠨ ᠫᠢᠩ ᠶᠡᠷᠦᠩᠬᠡᠢ ᠱᠦᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠦᠵᠡᠯ ᠰᠠᠨᠠᠭᠠᠨ ᠤ ᠲᠠᠨᠢᠯᠲᠠ ᠪᠠ ᠰᠢᠰᠲ᠋ᠧᠮᠲᠦ ᠰᠡᠳᠬᠢᠬᠦᠢ ᠪᠠᠨ ᠳᠡᠭᠡᠭᠰᠢᠯᠡᠭᠦᠯᠵᠦ᠂ ᠨᠠᠮ ᠤᠨ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ | ᠥᠭᠡᠷᠡᠴᠢᠯᠡᠯᠲᠡ ᠶᠢᠨ ᠵᠥᠪᠯᠡᠯ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠰᠠᠨ ᠡᠯ᠎ᠡ ᠵᠦᠢᠯ ᠤᠨ | ᠥᠭᠡᠷᠡᠴᠢᠯᠡᠯᠲᠡ ᠶᠢᠨ ᠵᠦᠢᠯᠡᠰ ᠢ ᠣᠨᠣᠪᠴᠢᠲᠠᠶ ᠡᠵᠡᠮᠳᠡᠨ᠂ ᠠᠵᠤ ᠠᠬᠤᠢ᠂ ᠠᠮᠢ ᠠᠬᠤᠢ᠂ ᠨᠡᠶᠢᠭᠡᠮ ᠤᠨ | ᠠᠷᠠᠳ ᠤᠨ ᠠᠮᠢᠳᠤᠷᠠᠯ ᠤᠨ ᠦᠢᠯᠡᠰ ᠪᠠ ᠨᠠᠮ ᠤᠨ ᠪᠠᠶᠢᠭᠤᠯᠤᠯᠲᠠ ᠵᠡᠷᠭᠡ ᠡᠯ᠎ᠡ ᠬᠦᠷᠢᠶᠡᠨ ᠤ ᠴᠢᠬᠤᠯᠠ ᠶᠡᠭᠡ | ᠥᠭᠡᠷᠡᠴᠢᠯᠡᠯᠲᠡ ᠶᠢᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠷᠭᠦᠯᠵᠢᠯᠡᠨ | ᠠᠬᠢᠭᠤᠯᠤᠨ᠎ᠠ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠥᠭᠡᠷᠡᠴᠢᠯᠡᠯᠲᠡ ᠶᠢᠨ ᠭᠤᠣᠯᠳᠠᠯᠭ᠎ᠠ ᠶᠢ ᠲᠣᠳᠣᠷᠬᠠᠶᠢᠯᠠᠵᠤ᠂ | ᠥᠭᠡᠷᠡᠴᠢᠯᠡᠯᠲᠡ ᠶᠢ ᠢᠳᠡᠪᠬᠢᠲᠡᠢ ᠪᠠᠷ ᠲᠥᠯᠥᠪᠯᠡᠵᠦ᠂ ᠥᠭᠡᠷᠡᠴᠢᠯᠡᠯᠲᠡ ᠶᠢ ᠠᠬᠢᠭᠤᠯᠬᠤ ᠶᠢ ᠲᠣᠭᠲᠠᠬᠤ ᠰᠢᠶᠠᠨ ᠤ | ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠲᠠᠢ ᠤᠶᠠᠯᠳᠤᠭᠤᠯᠵᠤ᠂ ᠥᠭᠡᠷᠡᠴᠢᠯᠡᠯᠲᠡ ᠶᠢ | ᠠᠬᠢᠭᠤᠯᠬᠤ ᠶᠢ ᠳᠤᠲᠠᠭᠤᠳᠠᠯ ᠢᠶᠠᠨ ᠨᠥᠬᠦᠪᠦᠷᠢᠯᠡᠬᠦ ᠲᠠᠢ ᠤᠶᠠᠯᠳᠤᠭᠤᠯᠵᠤ᠂ ᠮᠠᠨ ᠤ ᠰᠢᠶᠠᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠵᠦᠢᠯ ᠪᠣᠯᠣᠨ ᠠᠷᠠᠳ | ᠤᠯᠠᠨ ᠤ ᠬᠦᠴᠢᠷ ᠵᠣᠪᠠᠭᠤᠷᠢ ᠶᠢᠨ ᠲᠣᠭᠤᠷᠢᠨ ᠳᠤ᠂ ᠪᠦᠬᠦ ᠰᠢᠶᠠᠨ ᠤ ᠥᠭᠡᠷᠡᠴᠢᠯᠡᠯᠲᠡ ᠶᠢᠨ ᠡᠭᠦᠷᠭᠡ ᠪᠣᠯᠣᠨ | ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠪᠣᠳᠣᠯᠬᠢᠯᠠᠵᠤ᠂ ᠤᠨᠢᠨ ᠳᠡᠭᠡᠷ᠎ᠡ ᠨᠢ ᠲᠥᠯᠥᠪᠵᠢᠭᠦᠯᠵᠦ᠂ | ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠲᠠ ᠦᠭᠡᠢ | ᠠᠬᠢᠭᠤᠯᠵᠤ᠂ ᠥᠭᠡᠷᠡᠴᠢᠯᠡᠯᠲᠡ ᠶᠢᠨ ︽ᠵᠠᠩᠭᠢᠯᠠᠭ᠎ᠠ ᠶᠢᠨ ᠠᠷᠭ᠎ᠠ︾ ᠪᠠᠷ ᠲᠣᠭᠲᠠᠬᠤ ᠰᠢᠶᠠᠨ ᠤ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠪᠠᠶᠢᠳᠠᠯ ᠢ ᠦᠨᠡᠨᠬᠦ ᠨᠡᠭᠡᠭᠡᠬᠦ ᠬᠡᠷᠡᠭᠲᠡᠢ ᠭᠡᠵᠡᠢ᠃ | ᠬᠤᠷᠠᠯ ᠠᠴᠠ᠂ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ︽ᠰᠢᠶᠠᠨ ᠤ ᠨᠠᠮ ᠤᠨ ᠬᠤᠷᠢᠶ᠎ᠠ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2022 ᠣᠨ ᠤ ᠠᠵᠢᠯ ᠤᠨ ᠭᠤᠣᠯᠳᠠᠯᠭ᠎ᠠ︾ | ᠳᠤ ᠲᠣᠳᠣᠷᠬᠠᠶᠢᠯᠠᠭᠰᠠᠨ ᠥᠭᠡᠷᠡᠴᠢᠯᠡᠯᠲᠡ ᠶᠢᠨ ᠵᠦᠢᠯᠡᠰ᠂ ᠬᠠᠷᠠᠯᠲᠠᠲᠤ ᠡᠭᠦᠷᠭᠡ᠂ ᠴᠠᠭ ᠤᠨ ᠬᠢᠵᠠᠭᠠᠷ ᠤᠨ | ᠱᠠᠭᠠᠷᠳᠠᠯᠭ᠎ᠠ ᠶᠣᠰᠣᠭᠠᠷ᠂ ᠥᠭᠡᠷᠡᠴᠢᠯᠡᠯᠲᠡ ᠶᠢᠨ ᠰᠡᠳᠬᠢᠴᠡ ᠶᠢᠨ ᠰᠢᠨ᠎ᠡ ᠶᠢ ᠡᠭᠦᠳᠴᠦ᠂ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠭᠵᠢᠭᠤᠯᠵᠤ᠂ ᠥᠪᠡᠷ ᠥᠪᠡᠷ ᠤᠨ ᠡᠭᠦᠷᠭᠡᠯᠡᠭᠰᠡᠨ ᠥᠭᠡᠷᠡᠴᠢᠯᠡᠯᠲᠡ ᠶᠢᠨ ᠠᠵᠢᠯ ᠢᠶᠠᠨ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠠᠯᠪᠠᠨ | ᠭᠡᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠨᠢᠭᠡᠨᠲᠡ | ᠲᠣᠭᠲᠠᠭᠠᠭᠰᠠᠨ ᠥᠭᠡᠷᠡᠴᠢᠯᠡᠯᠲᠡ ᠶᠢᠨ ᠡᠭᠦᠷᠭᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠵᠤ᠂ | ᠪᠣᠳᠠᠲᠠᠢ ᠳᠤ ᠨᠡᠶᠢᠴᠡᠭᠰᠡᠨ ᠥᠭᠡᠷᠡᠴᠢᠯᠡᠯᠲᠡ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠥᠭᠡᠷᠡᠴᠢᠯᠡᠯᠲᠡ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠪᠠᠷ ᠪᠦᠬᠦ ᠰᠢᠶᠠᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃ | ᠰᠦᠨ ᠰᠢᠶᠦ᠋ᠨ᠂ ᠸᠠᠩ ᠮᠢᠩ ᠵᠡᠷᠭᠡ ᠰᠢᠶᠠᠨ ᠤ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ | ᠨᠤᠭᠤ ᠭᠠᠵᠠᠷ ᠤᠨ ᠬᠠᠮᠢᠶᠠᠲᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |