ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/5/24
      ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠢᠷᠢᠯᠠᠭᠤᠯᠵᠤ᠂ ᠠᠵᠤ ᠠᠬᠤᠢ ᠶᠢᠨ ᠬᠡᠪ ᠤᠨ ᠵᠠᠮ ᠳᠤ ᠪᠠᠨ ᠣᠷᠣᠬᠤ ᠶᠢ ᠴᠢᠷᠮᠠᠶᠢᠨ ᠠᠬᠢᠭᠤᠯᠵᠤ᠂ ᠵᠦᠢ ᠵᠣᠬᠢᠰᠲᠠᠢ ᠣᠷᠣᠨ ᠵᠠᠢ ᠳᠤ ᠠᠵᠢᠯᠯᠠᠭᠤᠯᠬᠤ ᠶᠢ ᠦᠨᠡᠨ ᠬᠦ ᠪᠠᠲᠤᠯᠠᠪᠠ᠃      ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ ᠣᠶᠢᠷ᠎ᠠ ᠳᠤ ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠢᠷᠢᠯᠠᠭᠤᠯᠵᠤ᠂ ᠠᠵᠤ ᠠᠬᠤᠢ ᠶᠢᠨ ᠬᠡᠪ ᠤᠨ ᠵᠠᠮ ᠳᠤ ᠪᠠᠨ ᠣᠷᠣᠬᠤ ᠶᠢ ᠴᠢᠷᠮᠠᠶᠢᠨ ᠠᠬᠢᠭᠤᠯᠵᠤ᠂ ᠵᠦᠢ ᠵᠣᠬᠢᠰᠲᠠᠢ ᠣᠷᠣᠨ ᠵᠠᠢ ᠳᠤ ᠠᠵᠢᠯᠯᠠᠭᠤᠯᠬᠤ ᠶᠢ ᠦᠨᠡᠨ ᠬᠦ ᠪᠠᠲᠤᠯᠠᠪᠠ᠃      ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠦᠷᠭᠦᠯᠵᠢᠯᠡᠨ ᠨᠡᠮᠡᠭᠳᠡᠵᠦ᠂ ᠮᠠᠰᠢ ᠤᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠲᠦᠢᠯ ᠤᠨ ᠬᠦᠴᠢᠷᠳᠡᠯ ᠲᠠᠢ ᠪᠠᠶᠢᠨ᠎ᠠ᠃ ᠬᠥᠭᠵᠢᠯᠲᠡ ᠪᠣᠯ ᠮᠠᠨ ᠤ ᠤᠯᠤᠰ ᠤᠨ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ ᠰᠠᠭᠤᠷᠢ ᠪᠠ ᠵᠠᠩᠭᠢᠯᠠᠭ᠎ᠠ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠷᠡᠰ ᠰᠢᠭᠤᠷᠬᠠᠢ ᠪᠠᠷ ᠠᠷᠭᠠᠴᠠᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠲᠦᠷᠦ ᠶᠢᠨ ᠪᠣᠳᠣᠯᠭ᠎ᠠ ᠶᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢᠨ ᠬᠠᠮᠲᠤ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠶᠡᠷᠦᠩᠬᠡᠢ ᠰᠡᠳᠬᠢᠴᠡ ᠪᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠣᠰᠣᠭᠠᠷ ᠴᠢᠭᠯᠡᠯᠲᠦ ᠴᠢᠨᠠᠷ ᠢᠶᠠᠷ ᠴᠢᠩᠭ᠎ᠠ᠂ ᠬᠦᠴᠦᠲᠡᠢ ᠪᠥᠭᠡᠳ ᠪᠦᠲᠦᠮᠵᠢᠲᠡᠶ ᠣᠷᠣᠨ ᠵᠠᠢ ᠶᠢᠨ ᠲᠣᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠨᠦᠭᠦᠳ ᠢ ᠠᠪᠴᠤ᠂ ᠠᠵᠤ ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ᠎ᠠ ᠭᠡᠵᠡᠢ᠃      ᠬᠤᠷᠠᠯ ᠠᠴᠠ ᠲᠣᠭᠲᠠᠭᠠᠬᠤ ᠳᠤ ᠪᠠᠨ᠂ 6 ᠲᠠᠯ᠎ᠠ ᠶᠢᠨ 33 ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠂ ᠡᠭᠦᠨ ᠳᠤ ᠭᠤᠣᠯᠳᠠᠭᠤ᠄ ᠨᠢᠭᠡ ᠳᠤ᠂ ᠡᠳ᠋ ᠤᠨ ᠵᠠᠰᠠᠭ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠭᠤᠨ ᠪᠠᠶᠢᠯᠭᠠᠬᠤ ᠪᠠ ᠠᠵᠢᠯ ᠣᠯᠭᠤᠯᠲᠠ ᠶᠢ ᠬᠦᠴᠦᠯᠡᠨ ᠲᠣᠭᠲᠠᠪᠤᠷᠢᠵᠢᠭᠤᠯᠤᠨ᠎ᠠ᠃ ᠨᠡᠩ ᠤᠯᠠᠨ ᠠᠵᠢᠯ ᠲᠦᠷᠦᠯ ᠳᠤ ᠦᠯᠡᠳᠡᠭᠡᠯ ᠪᠠ ᠨᠡᠮᠡᠭᠳᠡᠯ ᠤᠨ ᠬᠡᠮᠵᠢᠶ᠎ᠡ ᠶᠢ ᠪᠦᠬᠦ ᠲᠤᠭ᠎ᠠ ᠪᠠᠷ ᠨᠢ ᠰᠠᠭᠤᠳᠬᠠᠨ ᠭᠠᠶᠢᠯᠢ ᠪᠤᠴᠠᠭᠠᠬᠤ ᠶᠢ ᠬᠡᠷᠡᠭᠵᠢᠭᠦᠯᠵᠦ᠂ 1400 ᠭᠠᠷᠤᠢ ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠬᠤ ᠬᠡᠮᠵᠢᠶ᠎ᠡ ᠶᠢ ᠨᠡᠮᠡᠭᠳᠡᠭᠦᠯᠵᠦ᠂ ᠪᠦᠬᠦ ᠵᠢᠯ ᠤᠨ ᠭᠠᠶᠢᠯᠢ ᠪᠤᠴᠠᠭᠠᠬᠤ ᠶᠡᠷᠦᠩᠬᠡᠢ ᠬᠡᠮᠵᠢᠶ᠎ᠡ ᠶᠢ 2.64 ᠲᠦᠮᠡᠨ ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ 5 ᠣᠨᠴᠠ ᠬᠦᠴᠢᠷᠳᠡᠯᠲᠡᠢ ᠠᠵᠢᠯ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠰᠦᠢᠳᠬᠡᠯ ᠵᠡᠷᠭᠡ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠵᠢᠯ ᠤᠨ ᠡᠴᠦᠰ ᠪᠣᠯᠲᠠᠯ᠎ᠠ ᠤᠷᠲᠤᠳᠬᠠᠬᠤ ᠶᠢᠨ ᠬᠠᠮᠲᠤ ᠪᠤᠰᠤᠳ ᠣᠨᠴᠠ ᠬᠦᠴᠢᠷᠳᠡᠯᠲᠡᠢ ᠠᠵᠢᠯ ᠲᠥᠷᠥᠯ ᠳᠤ ᠬᠦᠷᠲᠡᠯ᠎ᠡ ᠥᠷᠭᠡᠳᠬᠡᠵᠦ᠂ ᠵᠢᠱᠢᠯᠲᠡ ᠪᠠᠷ ᠡᠨᠡ ᠵᠢᠯ 3200 ᠳ᠋ᠦᠩᠰᠢᠭᠤᠷ ᠲᠥᠭᠦᠷᠢᠭ ᠬᠤᠶᠢᠰᠢᠯᠠᠭᠤᠯᠤᠨ ᠲᠤᠰᠢᠶᠠᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠦᠯᠡᠳᠡᠭᠡᠬᠦ ᠪᠣᠯᠪᠠᠰᠤᠷᠠᠯ ᠤᠨ ᠨᠥᠬᠦᠪᠦᠷᠢ ᠶᠢ ᠪᠦᠬᠦ ᠳᠠᠭᠠᠳᠬᠠᠯ ᠳᠤ ᠣᠷᠣᠯᠴᠠᠭᠰᠠᠨ ᠬᠦᠴᠢᠷᠳᠡᠯᠲᠡᠢ ᠠᠵᠤ ᠠᠬᠤᠶᠢᠯᠠᠯ ᠳᠤ ᠬᠦᠷᠲᠡᠯ᠎ᠡ ᠥᠷᠭᠡᠳᠬᠡᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠬᠡᠨ ᠠᠪᠤᠭᠰᠠᠨ ᠪᠣᠯ᠂ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠵᠡᠷᠭᠡ ᠳᠡᠮᠵᠢᠯᠭᠡ ᠶᠢ ᠨᠡᠮᠡᠭᠳᠡᠭᠦᠯᠦᠨ᠎ᠡ᠃ ᠡᠯ᠎ᠡ ᠭᠠᠵᠠᠷ ᠤᠨ ᠬᠢᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠤᠰᠤ ᠴᠠᠬᠢᠯᠭᠠᠨ ᠤ ᠰᠦᠢᠳᠬᠡᠯ᠂ ᠭᠡᠷ ᠤᠨ ᠲᠦᠷᠢᠶᠡᠰᠦ ᠵᠡᠷᠭᠡ ᠲᠠᠯ᠎ᠠ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠢ᠃ ᠡᠨᠡ ᠵᠢᠯ ᠤᠨ ᠲᠤᠰᠬᠠᠢ ᠵᠦᠢᠯ ᠤᠨ ᠥᠷᠢ ᠥᠭᠴᠡᠭᠡ ᠶᠢ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠯᠲᠠᠯ᠎ᠠ ᠦᠨᠳᠦᠰᠦᠨ ᠳᠤ ᠪᠠᠨ ᠬᠡᠷᠡᠭᠯᠡᠨ ᠭᠦᠢᠴᠡᠳᠬᠡᠵᠦ᠂ ᠳᠡᠮᠵᠢᠯᠭᠡ ᠶᠢᠨ ᠬᠡᠪᠴᠢᠶ᠎ᠡ ᠶᠢ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠵᠡᠷᠭᠡ ᠳᠤ ᠬᠦᠷᠲᠡᠯ᠎ᠡ ᠥᠷᠭᠡᠳᠬᠡᠨ᠎ᠡ᠃ ᠤᠯᠤᠰ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦ ᠶᠢᠨ ᠲᠠᠬᠢᠨ ᠳᠠᠭᠠᠭᠠᠯᠲᠠ ᠬᠢᠬᠦ ᠬᠠᠮᠲᠤᠷᠠᠯᠴᠠᠭᠠᠨ ᠤ ᠲᠤᠬᠠᠶᠢᠯᠠᠭᠰᠠᠨ ᠠᠵᠢᠯ ᠢ 1 ᠲᠦᠮᠡᠨ ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠲᠠᠯ᠎ᠠ ᠰᠢᠨ᠎ᠡ ᠪᠠᠷ ᠨᠡᠮᠡᠭᠳᠡᠭᠦᠯᠦᠨ᠎ᠡ᠃ ᠬᠤᠶᠠᠷ ᠲᠤ᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ᠃ ᠡᠨᠡ ᠵᠢᠯ ᠤᠨ ᠲᠥᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠳᠡᠮᠵᠢᠯᠭᠡ ᠶᠢᠨ ᠪᠠᠭᠠᠵᠢ ᠶᠢᠨ ᠲᠤᠭ᠎ᠠ ᠬᠡᠮᠵᠢᠶ᠎ᠡ ᠪᠠ ᠳᠡᠮᠵᠢᠬᠦ ᠬᠠᠷᠢᠴᠠᠯ ᠢ ᠨᠢᠭᠡ ᠳᠠᠬᠢᠨ ᠨᠡᠮᠡᠭᠳᠡᠭᠦᠯᠦᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠢᠭᠡᠯᠡᠯᠭᠡ᠂ ᠪᠠᠷᠠᠭᠠᠨ ᠤ ᠲᠡᠷᠭᠡ ᠶᠢᠨ ᠵᠢᠭᠡᠯᠡᠯᠭᠡ᠂ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠤᠪᠢ ᠬᠥᠮᠥᠨ ᠤ ᠭᠡᠷ ᠪᠠᠶᠢᠰᠢᠩ ᠤᠨ ᠵᠢᠭᠡᠯᠡᠯᠭᠡ ᠶᠢᠨ ᠬᠡᠷᠡᠭᠯᠡᠭᠡᠨ ᠤ ᠵᠢᠭᠡᠯᠡᠯᠭᠡ ᠳᠤ᠂ ᠪᠠᠩᠬᠢ ᠶᠢᠨ ᠲᠤᠰ ᠵᠢᠯ ᠤᠨ ᠡᠬᠡ ᠬᠦᠦ ᠶᠢ ᠨᠢ ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠶᠢ ᠳᠡᠮᠵᠢᠨ᠎ᠡ︔ ᠮᠠᠰᠢᠨ ᠲᠡᠷᠭᠡᠨ ᠤ ᠲᠥᠪ ᠤᠨ ᠠᠵᠤ ᠠᠬᠤᠶᠢᠯᠠᠯ ᠤᠨ ᠲᠠᠷᠬᠠᠭᠠᠭᠰᠠᠨ 900 ᠳ᠋ᠦᠩᠰᠢᠭᠤᠷ ᠲᠥᠭᠦᠷᠢᠭ ᠤᠨ ᠬᠤᠳᠠᠯᠳᠤᠭᠠᠨ ᠳᠤ ᠬᠡᠷᠡᠭᠯᠡᠬᠦ ᠪᠠᠷᠠᠭᠠᠨ ᠤ ᠲᠡᠷᠭᠡ ᠶᠢᠨ ᠵᠢᠭᠡᠯᠡᠯᠭᠡ ᠳᠤ ᠪᠠᠩᠬᠢ ᠪᠠ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠵᠦ ᠬᠠᠭᠠᠰ ᠵᠢᠯ ᠬᠤᠭᠤᠴᠠᠭ᠎ᠠ ᠤᠷᠲᠤᠳᠬᠠᠨ ᠡᠬᠡ ᠬᠦᠦ ᠶᠢ ᠨᠢ ᠪᠤᠴᠠᠭᠠᠨ᠎ᠠ᠃ ᠬᠤᠳᠠᠯᠳᠤᠭᠠᠨ ᠤ ᠭᠤᠪᠢᠭᠤᠯᠭ᠎ᠠ ᠶᠢᠨ ᠪᠢᠯᠧᠲ ᠤᠨ ᠭᠤᠪᠢᠭᠤᠯᠭ᠎ᠠ ᠶᠢ ᠳᠠᠭᠠᠭᠠᠬᠤ ᠬᠤᠭᠤᠴᠠᠭ᠎ᠠ ᠶᠢ 1 ᠵᠢᠯ ᠪᠠᠶᠢᠭᠰᠠᠨ ᠠᠴᠠ ᠨᠢ 6 ᠰᠠᠷ᠎ᠠ ᠪᠣᠯᠭᠠᠨ ᠪᠣᠭᠤᠨᠢᠰᠬᠠᠨ᠎ᠠ᠃ ᠲᠠᠪᠴᠠᠩ ᠤᠨ ᠠᠵᠤ ᠠᠬᠤᠶᠢᠯᠠᠯ ᠤᠨ ᠬᠠᠤᠯᠢ ᠲᠣᠭᠲᠠᠭᠠᠯ ᠳᠤ ᠨᠡᠶᠢᠴᠡᠭᠰᠡᠨ ᠪᠠᠶᠢᠳᠠᠯ ᠳᠣᠣᠷ᠎ᠠ ᠬᠢᠯᠢ ᠶᠢᠨ ᠳᠣᠲᠣᠨ᠎ᠠ ᠭᠠᠳᠠᠨ᠎ᠠ ᠵᠠᠬ᠎ᠠ ᠳᠡᠯᠭᠡᠭᠦᠷ ᠲᠤ ᠭᠠᠷᠭᠠᠬᠤ ᠶᠢ ᠳᠡᠮᠵᠢᠨ᠎ᠡ᠃ ᠭᠤᠷᠪᠠ ᠳᠤ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠤᠨ᠎ᠠ᠃ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠡᠬᠢᠯᠡᠭᠦᠯᠬᠦ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ︽ᠨᠡᠷᠡᠰ ᠤᠨ ᠴᠠᠭᠠᠨ ᠲᠠᠩᠰᠠ︾ ᠳᠠᠬᠢ ᠠᠵᠤ ᠠᠬᠤᠶᠢᠯᠠᠯ ᠤᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠪᠠᠷᠠᠭᠠᠨ ᠤ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠬᠢᠵᠢᠭ ᠤᠨ ᠪᠠᠶᠢᠳᠠᠯ ᠤᠨ ᠳᠣᠣᠷ᠎ᠠ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠢᠷᠡᠭᠰᠡᠨ ᠪᠠᠷᠠᠭᠠᠨ ᠤ ᠲᠡᠷᠭᠡ ᠶᠢᠨ ᠨᠡᠪᠲᠡᠷᠡᠬᠦ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠵᠦᠢ ᠵᠣᠬᠢᠰ ᠦᠭᠡᠢ ᠴᠢᠩᠭ᠎ᠠ ᠬᠢᠵᠠᠭᠠᠷᠯᠠᠯ ᠵᠡᠷᠭᠡ ᠶᠢᠨ ᠲᠣᠭᠲᠠᠭᠠᠯ ᠪᠠ ᠰᠦᠢᠳᠬᠡᠯ ᠬᠤᠷᠢᠶᠠᠬᠤ ᠶᠢ ᠴᠥᠮ ᠬᠦᠴᠦᠨ ᠦᠭᠡᠢ ᠪᠣᠯᠭᠠᠨ᠎ᠠ᠃ ᠠᠶᠠᠨᠴᠢᠳ ᠪᠠ ᠪᠠᠷᠠᠭ᠎ᠠ ᠲᠡᠭᠡᠭᠡᠪᠦᠷᠢ ᠶᠢᠨ ᠵᠢᠯᠣᠭᠤᠴᠢ ᠨᠠᠷ ᠲᠤ ᠣᠨᠳᠣᠣ ᠭᠠᠵᠠᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠰᠦᠢᠳᠬᠡᠯ ᠬᠤᠷᠢᠶᠠᠬᠤ ᠦᠭᠡᠢ ᠲᠥᠷᠥ ᠶᠢᠨ ᠪᠣᠳᠣᠯᠭ᠎ᠠ ᠶᠢ ᠠᠳᠠᠯᠢᠬᠠᠨ ᠬᠦᠷᠲᠡᠭᠡᠨ᠎ᠡ᠃ ᠠᠷᠠᠳ ᠤᠨ ᠠᠭᠠᠷ ᠤᠨ ᠲᠡᠭᠡᠭᠡᠪᠦᠷᠢ ᠶᠢᠨ ᠪᠠᠴᠢᠮ ᠪᠠᠶᠢᠳᠠᠯ ᠢ ᠠᠷᠭᠠᠴᠠᠭᠠᠬᠤ ᠵᠢᠭᠡᠯᠡᠯᠭᠡ ᠶᠢ 1500 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠠᠭᠠᠷ ᠤᠨ ᠲᠡᠭᠡᠭᠡᠪᠦᠷᠢ ᠶᠢᠨ ᠦᠢᠯᠡᠰ ᠤᠨ 2000 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠠᠶᠠᠨᠴᠢᠨ ᠤ ᠲᠡᠭᠡᠭᠡᠪᠦᠷᠢ ᠶᠢᠨ ᠡᠭᠡᠯᠵᠢ ᠶᠢᠨ ᠨᠢᠰᠬᠡᠯ ᠢ ᠡᠮᠬᠢ ᠵᠢᠷᠤᠮ ᠲᠠᠢ ᠪᠠᠷ ᠨᠡᠮᠡᠭᠳᠡᠭᠦᠯᠵᠦ᠂ ᠭᠠᠳᠠᠭᠠᠳᠤ ᠶᠢᠨ ᠠᠵᠤ ᠠᠬᠤᠶᠢᠯᠠᠯ ᠤᠨ ᠠᠵᠢᠯᠲᠠᠨ ᠤ ᠣᠷᠣᠵᠤ ᠭᠠᠷᠬᠤ ᠳᠤ ᠳᠦᠭᠦᠮ ᠦᠵᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠳᠥᠷᠪᠡ ᠳᠤ᠂ ᠬᠡᠷᠡᠭᠯᠡᠭᠡ ᠪᠠ ᠪᠦᠲᠦᠮᠵᠢᠲᠡᠶ ᠪᠡᠯᠡ ᠣᠷᠣᠭᠤᠯᠤᠯᠲᠠ ᠶᠢ ᠠᠬᠢᠭᠤᠯᠤᠨ᠎ᠠ᠃ ᠮᠠᠰᠢᠨ ᠲᠡᠷᠭᠡ ᠬᠤᠳᠠᠯᠳᠤᠨ ᠠᠪᠬᠤ ᠬᠢᠵᠠᠭᠠᠷᠯᠠᠯ ᠢ ᠠᠭᠤᠵᠢᠭᠤ ᠪᠣᠯᠭᠠᠵᠤ᠂ ᠬᠡᠰᠡᠭ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠱᠠᠲᠤᠴᠢ ᠴᠢᠨᠠᠷᠲᠠᠢ ᠪᠠᠷ 600 ᠳ᠋ᠦᠩᠰᠢᠭᠤᠷ ᠲᠥᠭᠦᠷᠢᠭ ᠬᠥᠩᠭᠡᠯᠡᠨ ᠲᠠᠲᠠᠪᠤᠷᠢᠯᠠᠨ᠎ᠠ᠃ ᠬᠤᠳᠠ ᠶᠢᠨ ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠪᠠᠨ ᠴᠢᠩᠳᠠᠯᠢᠭ ᠬᠦᠴᠦᠯᠡᠴᠡ ᠪᠠ ᠰᠠᠶᠢᠵᠢᠷᠠᠭᠤᠯᠤᠯᠲᠠ ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠨ᠎ᠡ᠃ ᠬᠢᠨᠠᠨ ᠵᠥᠪᠰᠢᠶᠡᠷᠡᠯ ᠢ ᠰᠢᠯᠢᠳᠡᠭᠵᠢᠭᠦᠯᠵᠦ᠂ ᠨᠢᠭᠡ ᠪᠦᠯᠦᠭ ᠤᠰᠤᠨ ᠠᠰᠢᠭᠯᠠᠯᠲᠠ ᠢᠯᠠᠩᠭᠤᠶ᠎ᠠ ᠲᠣᠮᠣ ᠬᠡᠯᠪᠡᠷᠢ ᠶᠢᠨ ᠤᠰᠤ ᠲᠠᠲᠠᠬᠤ ᠤᠰᠤᠯᠠᠯᠲᠠ᠂ ᠵᠠᠮ ᠬᠠᠷᠢᠯᠴᠠᠭ᠎ᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ ᠵᠡᠷᠭᠡ ᠲᠥᠷᠥᠯ ᠵᠦᠢᠯ ᠢ ᠰᠢᠨ᠎ᠡ ᠪᠠᠷ ᠡᠬᠢᠯᠡᠭᠦᠯᠵᠦ᠂ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠬᠡᠪᠴᠢᠶᠡᠵᠢᠯ ᠤᠨ ᠴᠢᠨᠠᠷᠲᠠᠢ ᠤᠷᠳᠤ ᠬᠤᠭᠤᠴᠠᠭᠠᠨ ᠤ ᠵᠢᠭᠡᠯᠡᠯᠭᠡ ᠬᠠᠩᠭᠠᠯᠭᠠᠨ᠎ᠠ᠃ ᠰᠢᠨ᠎ᠡ ᠨᠢᠭᠡᠨ ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠨ ᠰᠢᠨᠡᠳᠬᠡᠬᠦ ᠠᠵᠢᠯ ᠢ ᠡᠬᠢᠯᠡᠭᠦᠯᠦᠨ᠎ᠡ᠃ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ 3000 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠨ᠎ᠡ᠃ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠡᠷᠴᠢᠮ ᠢ ᠴᠢᠩᠭᠠᠷᠠᠭᠤᠯᠤᠨ᠎ᠠ᠃ ᠲᠠᠪᠤ ᠳᠤ᠂ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠨ᠎ᠠ᠃ ᠣᠷᠣᠨ ᠨᠤᠲᠤᠭ ᠤᠨ ᠨᠡᠭᠦᠷᠡᠰᠦᠨ ᠤ ᠭᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠡᠭᠦᠷᠡᠰᠦᠨ ᠠᠭᠤᠷᠬᠠᠢ ᠶᠢᠨ ᠭᠠᠷᠤᠯᠲᠠ ᠶᠢ ᠴᠥᠮ᠎ᠡ ᠶᠢᠨ ᠠᠷᠭ᠎ᠠ ᠪᠠᠷ ᠨᠡᠮᠡᠭᠳᠡᠭᠦᠯᠬᠦ ᠲᠦᠷᠦ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠨᠡᠭᠦᠷᠡᠰᠦᠨ ᠠᠭᠤᠷᠬᠠᠢ ᠶᠢᠨ ᠭᠠᠷᠤᠯᠲᠠ ᠶᠢ ᠪᠠᠲᠤᠯᠠᠬᠤ ᠭᠠᠷᠳᠠᠮ ᠢ ᠲᠥᠷᠭᠡᠳᠬᠡᠨ ᠭᠦᠢᠴᠡᠳᠬᠡᠨ᠎ᠡ᠃ ᠪᠠᠰᠠ ᠨᠢᠭᠡ ᠪᠦᠯᠦᠭ ᠤᠰᠤᠨ ᠴᠠᠬᠢᠯᠭᠠᠨ ᠢᠯᠴᠢ ᠶᠢᠨ ᠴᠠᠬᠢᠯᠭᠠᠨ ᠵᠡᠷᠭᠡ ᠡᠨᠧᠷᠭᠢ ᠶᠢᠨ ᠰᠤᠷᠪᠤᠯᠵᠢ ᠶᠢᠨ ᠲᠥᠷᠥᠯ ᠵᠦᠢᠯ ᠤᠨ ᠠᠵᠢᠯ ᠢ ᠡᠬᠢᠯᠡᠭᠦᠯᠦᠨ᠎ᠡ᠃ ᠵᠢᠷᠭᠤᠭ᠎ᠠ ᠳᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠨ᠎ᠠ᠃ ᠠᠵᠢᠯ ᠠᠯᠳᠠᠯᠲᠠ ᠶᠢᠨ ᠪᠠᠲᠤᠯᠠᠭ᠎ᠠ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠬᠦᠴᠢᠷᠳᠡᠯ ᠲᠠᠢ ᠤᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠵᠡᠷᠭᠡ ᠠᠵᠢᠯ ᠢ ᠰᠠᠶᠢᠲᠤᠷ ᠬᠢᠨ᠎ᠡ᠃ ᠪᠠᠶᠢᠳᠠᠯ ᠳᠤ ᠨᠢ ᠲᠣᠬᠢᠷᠠᠭᠤᠯᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠦᠯᠲᠡ ᠲᠠᠢ ᠬᠤᠯᠪᠣᠯᠳᠤᠭᠤᠯᠬᠤ ᠲᠣᠭᠲᠠᠴᠠ ᠶᠢ ᠴᠠᠭ ᠲᠤᠬᠠᠢ ᠳᠤ ᠨᠢ ᠬᠡᠷᠡᠭᠵᠢᠭᠦᠯᠦᠨ᠎ᠡ ᠭᠡᠵᠡᠢ᠃        ᠬᠤᠷᠠᠯ ᠠᠴᠠ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠲᠤᠯᠭᠠᠮᠳᠠᠭᠤ ᠰᠡᠳᠬᠢᠯᠭᠡ ᠪᠠᠨ ᠴᠢᠩᠭᠠᠳᠬᠠᠵᠤ᠂ ᠴᠢᠩᠭ᠎ᠠ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠯᠢ ᠤᠯᠠᠨ ᠠᠷᠭ᠎ᠠ ᠬᠡᠮᠵᠢᠶ᠎ᠡ ᠶᠢ ᠠᠯᠢ ᠲᠦᠷᠭᠡᠨ ᠢᠶᠠᠷ ᠵᠦᠢᠯ ᠳᠠᠷᠠᠭᠠᠯᠠᠨ ᠨᠠᠷᠢᠯᠢᠭᠵᠢᠭᠤᠯᠬᠤ ᠶᠢᠨ ᠬᠠᠮᠲᠤ ᠨᠡᠶᠢᠲᠡᠯᠡᠨ ᠬᠡᠷᠡᠭᠵᠢᠭᠦᠯᠬᠦ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠣᠷᠣᠨ ᠨᠤᠲᠤᠭ ᠤᠨ ᠠᠵᠤ ᠠᠬᠤᠢ ᠶᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠪᠠᠶᠢᠴᠠᠭᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠪᠣᠳᠠᠲᠤ ᠪᠠᠶᠢᠳᠠᠯ ᠳᠤ ᠪᠠᠨ ᠨᠡᠶᠢᠴᠡᠭᠰᠡᠨ ᠠᠵᠤ ᠠᠬᠤᠢ ᠶᠢ ᠲᠣᠭᠲᠠᠭᠤᠨ ᠪᠠᠶᠢᠯᠭᠠᠬᠤ ᠲᠦᠷᠦ ᠶᠢᠨ ᠪᠣᠳᠣᠯᠭ᠎ᠠ ᠶᠢ ᠠᠯᠢ ᠲᠥᠷᠭᠡᠨ ᠢᠶᠠᠷ ᠨᠡᠶᠢᠲᠡᠯᠡᠬᠦ ᠬᠡᠷᠡᠭᠲᠡᠢ ᠭᠡᠵᠡᠢ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1