ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 5 | ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ | ᠴᠠᠭ ᠮᠥᠴᠡ ᠶᠢ ᠠᠯᠳᠠᠯ ᠦᠭᠡᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠢᠮᠪᠠᠢ ᠠᠳᠬᠤᠵᠤ | ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠃ ᠬᠠᠮᠲᠤ ᠪᠠᠷ ᠣᠶᠢᠯᠠᠭᠠᠵᠠᠭᠠᠶ᠎ᠠ — ᠬᠢᠵᠢᠭ ᠤᠨ | ᠪᠠᠶᠢᠳᠠᠯ ᠤᠨ ᠲᠤᠬᠠᠢ ᠬᠠᠮᠤᠭ ᠤᠨ ᠰᠢᠨ᠎ᠡ ᠮᠡᠳᠡᠭᠡᠯᠡᠯ | ᠣᠶᠢᠷ᠎ᠠ ᠳᠤ᠂ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠢᠶᠠᠷ ᠪᠠᠭᠤᠷᠠᠬᠤ | ᠬᠠᠨᠳᠤᠰᠢ ᠲᠠᠢ ᠪᠠᠶᠢᠨ᠎ᠠ᠃ ᠣᠶᠢᠷ᠎ᠠ ᠶᠢᠨ ᠨᠢᠭᠡ ᠭᠠᠷᠠᠭ ᠠᠴᠠ ᠨᠠᠭᠠᠰᠢ᠂ ᠪᠥᠬᠦ ᠤᠯᠤᠰ ᠲᠤ ᠡᠳᠦᠷ ᠪᠦᠷᠢ ᠰᠢᠨ᠎ᠡ ᠪᠠᠷ | ᠨᠡᠮᠡᠭᠳᠡᠭᠰᠡᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠨᠢᠭᠡᠨᠲᠡ 1200 ᠠᠴᠠ ᠳᠣᠷᠣᠭᠰᠢ ᠪᠣᠯᠵᠤ᠂ | ᠨᠥᠯᠥᠭᠡᠯᠡᠬᠦ ᠬᠡᠪᠴᠢᠶ᠎ᠡ ᠨᠢ ᠤᠯᠠᠮ ᠨᠢᠭᠡ ᠠᠯᠬᠤᠮ ᠪᠠᠭᠠᠰᠤᠭᠰᠠᠨ ᠪᠠᠶᠢᠨ᠎ᠠ᠃ ᠣᠳᠣᠬᠠᠨ ᠳᠤ᠂ ᠱᠠᠩᠬᠠᠢ ᠶᠢᠨ ᠬᠢᠵᠢᠭ ᠤᠨ | ᠪᠠᠶᠢᠳᠠᠯ ᠶᠡᠷᠦᠩᠬᠡᠢ ᠳᠤ ᠪᠠᠨ ᠦᠷᠭᠦᠯᠵᠢᠯᠡᠨ ᠰᠠᠶᠢᠵᠢᠷᠠᠵᠤ᠂ ᠰᠢᠨ᠎ᠡ ᠪᠠᠷ ᠨᠡᠮᠡᠭᠳᠡᠬᠦ ᠬᠠᠯᠳᠠᠪᠤᠷᠢᠯᠠᠭᠰᠠᠨ ᠬᠥᠮᠥᠨ ᠤ ᠲᠤᠭ᠎ᠠ | ᠦᠷᠭᠦᠯᠵᠢᠯᠡᠨ ᠪᠠᠭᠠᠰᠴᠤ᠂ 8 ᠡᠳᠦᠷ ᠳᠠᠷᠠᠭᠠᠯᠠᠨ ᠡᠳᠦᠷ ᠪᠦᠷᠢ ᠶᠢᠨ ᠨᠡᠮᠡᠭᠳᠡᠭᠰᠡᠨ ᠲᠤᠭ᠎ᠠ 1000 ᠬᠥᠮᠥᠨ ᠠᠴᠠ ᠪᠠᠭ᠎ᠠ | ᠪᠣᠯᠪᠠ᠂ ᠭᠡᠪᠡᠴᠦ ᠳᠠᠭᠢᠵᠤ ᠰᠡᠷᠭᠦᠬᠦ ᠶᠢ ᠰᠡᠷᠭᠡᠶᠢᠯᠡᠬᠦ ᠳᠠᠷᠤᠯᠲᠠ ᠮᠥᠨ ᠬᠦ ᠨᠡᠯᠢᠶᠡᠳ ᠶᠡᠭᠡ ᠪᠠᠶᠢᠵᠤ᠂ ᠣᠨᠴᠠ ᠵᠠᠷᠢᠮ ᠴᠡᠭ | ᠪᠠ ᠨᠡᠶᠢᠭᠡᠮ ᠲᠣᠭᠤᠷᠢᠭ ᠤᠨ ᠠᠶᠤᠯ ᠲᠦᠭᠰᠢᠭᠦᠷᠢ ᠮᠥᠨ ᠬᠦ ᠬᠡᠯᠪᠡᠯᠵᠡᠯ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠦᠷ᠎ᠡ ᠪᠦᠲᠦᠭᠡᠯ ᠢ ᠮᠥᠨ ᠬᠦ ᠤᠯᠠᠮ ᠨᠢᠭᠡ ᠠᠯᠬᠤᠮ ᠪᠠᠬᠢᠵᠢᠭᠦᠯᠬᠦ ᠴᠢᠬᠤᠯᠠᠲᠠᠢ ᠪᠠᠶᠢᠨ᠎ᠠ᠃ | ᠪᠡᠭᠡᠵᠢᠩ ᠤᠨ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠪᠠ ᠬᠡᠰᠡᠭ ᠪᠤᠰᠠᠭ ᠢᠶᠠᠷ ᠲᠠᠷᠬᠠᠵᠤ ᠪᠠᠶᠢᠭ᠎ᠠ | ᠡᠪᠡᠳᠴᠢᠨ ᠤ ᠵᠢᠱᠢᠶ᠎ᠡ ᠰᠣᠯᠪᠢᠴᠠᠵᠤ᠂ ᠬᠡᠰᠡᠭ ᠭᠠᠵᠠᠷ ᠣᠷᠣᠨ ᠪᠠ ᠭᠤᠣᠯᠳᠠᠯᠭ᠎ᠠ ᠲᠠᠢ ᠬᠥᠮᠥᠰ ᠲᠤ ᠮᠥᠨ ᠬᠦ | ᠬᠠᠯᠳᠠᠪᠤᠷᠢᠯᠠᠬᠤ ᠠᠶᠤᠯ ᠲᠦᠭᠰᠢᠭᠦᠷᠢ ᠣᠷᠣᠰᠢᠵᠤ ᠪᠠᠶᠢᠨ᠎ᠠ᠃ ᠰᠧᠴᠤᠸᠠᠨ ᠮᠤᠵᠢ ᠶᠢᠨ ᠭᠤᠸᠠᠩ ᠠᠨ ᠤ ᠯᠢᠨᠱᠦ᠋ᠢ ᠶᠢᠨ | ᠬᠢᠵᠢᠭ ᠤᠨ ᠪᠠᠶᠢᠳᠠᠯ ᠬᠡᠯᠪᠡᠯᠵᠡᠨ ᠪᠠᠭᠤᠷᠠᠬᠤ ᠬᠤᠭᠤᠴᠠᠭᠠᠨ ᠳᠤ ᠣᠷᠣᠰᠢᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ | ᠲᠦᠭᠰᠢᠭᠦᠷᠢ ᠡᠮᠦᠨᠡᠬᠢ ᠬᠤᠭᠤᠴᠠᠭᠠᠨ ᠤ ᠬᠢ ᠠᠴᠠ ᠵᠣᠬᠢᠬᠤ ᠬᠡᠮᠵᠢᠶ᠎ᠡ ᠪᠠᠷ ᠪᠠᠭᠤᠷᠠᠭᠰᠠᠨ ᠪᠠᠶᠢᠨ᠎ᠠ᠃ ᠲᠢᠶᠠᠨᠵᠢᠨ᠂ | ᠭᠢᠷᠢᠨ ᠳᠤ ᠣᠶᠢᠷ᠎ᠠ ᠶᠢᠨ ᠬᠤᠭᠤᠴᠠᠭᠠᠨ ᠳᠤ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠭᠠᠷᠤᠭᠰᠠᠨ ᠪᠣᠯᠬᠤᠷ | ᠪᠠᠶᠢᠴᠠᠭᠠᠨ ᠰᠢᠯᠭᠠᠬᠤ ᠪᠠ ᠲᠦᠭᠰᠢᠭᠦᠷᠢ ᠶᠢᠨ ᠴᠡᠭ ᠪᠠᠶᠢᠷᠢ ᠶᠢᠨ ᠪᠠᠶᠢᠴᠠᠭᠠᠯᠲᠠ ᠶᠢ ᠲᠦᠷᠭᠡᠳᠬᠡᠬᠦ ᠴᠢᠬᠤᠯᠠᠲᠠᠢ ᠪᠠᠶᠢᠨ᠎ᠠ᠃ | ᠾᠧᠨᠠᠨ᠂ ᠠᠨᠾᠦ᠋ᠢ᠂ ᠵᠢᠶᠠᠩᠰᠢ᠂ ᠯᠢᠶᠣᠤᠨᠢᠩ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠨᠢᠭᠡᠨᠲᠡ ᠪᠦᠲᠦᠮᠵᠢᠲᠡᠶ ᠪᠠᠷ | ᠡᠵᠡᠮᠳᠡᠵᠦ᠂ ᠬᠢᠵᠢᠭ ᠤᠨ ᠪᠠᠶᠢᠳᠠᠯ ᠲᠣᠭᠲᠠᠭᠤᠨ ᠪᠣᠯᠵᠤ ᠪᠤᠢ᠃ ᠣᠯᠠᠨ ᠲᠦᠮᠡᠨ ᠤ ᠦᠨᠳᠦᠰᠦᠨ ᠡᠮᠴᠢᠯᠡᠭᠡ ᠪᠠ | ᠠᠮᠢᠳᠤᠷᠠᠯ ᠢ ᠨᠥᠯᠥᠭᠡᠯᠡᠬᠦ ᠦᠭᠡᠢ ᠪᠠᠶᠢᠳᠠᠯ ᠳᠣᠣᠷ᠎ᠠ ᠬᠢᠵᠢᠭ ᠤᠨ ᠪᠠᠶᠢᠳᠠᠯ ᠢ ᠡᠵᠡᠮᠳᠡᠬᠦ ᠳᠤ ᠨᠢᠭᠡ ᠯᠡ ᠪᠠᠷᠢᠮᠵᠢᠶ᠎ᠠ ᠪᠠᠷ | ᠱᠠᠭᠠᠷᠳᠠᠵᠤ ᠪᠣᠯᠬᠤ ᠦᠭᠡᠢ ᠤᠯᠠᠨ ᠲᠦᠮᠡᠨ ᠤ ᠦᠨᠳᠦᠰᠦᠨ ᠡᠮᠴᠢᠯᠡᠭᠡ ᠪᠠ ᠠᠮᠢᠳᠤᠷᠠᠯ ᠢ ᠨᠥᠯᠥᠭᠡᠯᠡᠬᠦ ᠦᠭᠡᠢ ᠪᠠᠶᠢᠳᠠᠯ | ᠳᠣᠣᠷ᠎ᠠ ᠬᠢᠵᠢᠭ ᠤᠨ ᠪᠠᠶᠢᠳᠠᠯ ᠢ ᠴᠢᠷᠮᠠᠶᠢᠨ ᠡᠵᠡᠮᠳᠡᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠬᠠᠤᠯᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠬᠢᠯᠪᠠᠷᠴᠢᠯᠠᠬᠤ ᠪᠠ ᠨᠢᠭᠡ ᠯᠡ ᠪᠠᠷᠢᠮᠵᠢᠶ᠎ᠠ ᠪᠠᠷ ᠱᠠᠭᠠᠷᠳᠠᠵᠤ ᠪᠣᠯᠬᠤ | ᠦᠭᠡᠢ᠃ | ᠬᠠᠭᠤᠷᠮᠠᠭ ᠠᠷᠭ᠎ᠠ ᠴᠢᠨᠠᠷ ᠢᠯᠡᠷᠡᠬᠦ ᠨᠢ ᠪᠥᠭᠡᠮ ᠬᠦᠴᠢᠯ ᠤᠨ ᠪᠠᠶᠢᠴᠠᠭᠠᠯᠲᠠ ᠶᠢᠨ ᠣᠮᠢᠺᠷᠦᠨ ᠬᠤᠣᠷᠲᠤ | ᠸᠢᠷᠦ᠋ᠰ ᠤᠨ ᠪᠠᠶᠢᠴᠠᠭᠠᠯᠲᠠ ᠳᠠᠬᠢ ᠰᠡᠷᠭᠡᠭ ᠴᠢᠨᠠᠷ ᠨᠢ ᠪᠠᠭᠤᠷᠠᠭᠰᠠᠨ ᠢ ᠬᠠᠷᠠᠭᠤᠯᠵᠤ ᠪᠠᠶᠢᠬᠤ ᠪᠢᠰᠢ | ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠬᠡᠳᠦ᠋ᠢᠪᠡᠷ ᠮᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ | ᠣᠨᠴᠠᠭᠠᠶ ᠴᠢᠨᠠᠷ ᠨᠢ 100% ᠳᠤ ᠬᠦᠷᠴᠦ ᠪᠠᠶᠢᠳᠠᠭ ᠪᠣᠯᠪᠠᠴᠤ ᠪᠣᠳᠠᠲᠠᠢ ᠠᠵᠢᠯ ᠤᠨ ᠳᠤᠮᠳᠠ ᠲᠤᠷᠰᠢᠯᠲᠠ ᠶᠢᠨ | ᠲᠡᠰᠤᠬ ᠲᠠᠬᠢ ᠲᠤᠷᠰᠢᠯᠲᠠ ᠶᠢᠨ ᠶᠠᠪᠤᠴᠠ ᠵᠢᠴᠢ ᠠᠵᠢᠯᠯᠠᠭ᠎ᠠ ᠠᠴᠠ ᠪᠣᠯᠤᠭᠰᠠᠨ ᠵᠠᠷᠢᠮ ᠪᠣᠬᠢᠷᠳᠤᠯ ᠠᠴᠠ ᠪᠣᠯᠵᠤ ᠬᠠᠭᠤᠷᠮᠠᠭ | ᠠᠷᠭ᠎ᠠ ᠴᠢᠨᠠᠷ ᠢ ᠪᠤᠢ ᠪᠣᠯᠭᠠᠵᠤ ᠮᠡᠳᠡᠨ᠎ᠡ᠃ ᠪᠢᠳᠡ ᠡᠨᠡ ᠲᠤᠬᠠᠢ ᠡᠳᠦᠢ ᠲᠡᠳᠦᠢ ᠵᠠᠳᠠᠯᠤᠯᠲᠠ ᠬᠢᠪᠡ᠃ ᠪᠣᠬᠢᠷᠳᠤᠯ ᠠᠴᠠ | ᠪᠣᠯᠤᠭᠰᠠᠨ ᠬᠠᠭᠤᠷᠮᠠᠭ ᠠᠷᠭ᠎ᠠ ᠴᠢᠨᠠᠷ ᠤᠨ ᠪᠣᠬᠢᠷᠳᠤᠯ ᠤᠨ ᠢᠷᠡᠯᠲᠡ ᠶᠢ ᠶᠡᠷᠦ ᠳᠤ ᠪᠠᠨ ᠬᠤᠶᠠᠷ ᠵᠦᠢᠯ ᠳᠤ ᠬᠤᠪᠢᠶᠠᠳᠠᠭ᠂ | ᠨᠢᠭᠡ ᠨᠢ ᠦᠢᠯᠡᠳᠬᠦᠨ ᠤ ᠦᠯᠡᠳᠡᠭᠳᠡᠯ ᠪᠣᠬᠢᠷᠳᠤᠯ ᠪᠣᠯᠣᠨ᠎ᠠ᠂ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ | ᠬᠢᠬᠦ ᠶᠠᠪᠤᠴᠠ ᠳᠤ᠂ ᠲᠤᠭ᠎ᠠ ᠬᠡᠮᠵᠢᠶ᠎ᠡ ᠨᠢ ᠶᠡᠭᠡ ᠮᠥᠷᠲᠡᠭᠡᠨ ᠪᠠᠰᠠ ︽ᠬᠥᠮᠥᠨ ᠨᠢ ᠠᠮᠠᠷᠠᠪᠠᠴᠤ ᠮᠠᠰᠢᠨ ᠨᠢ ᠠᠮᠠᠷᠠᠬᠤ ᠦᠭᠡᠢ | ︾ ᠦᠷᠭᠦᠯᠵᠢᠯᠡᠨ ᠠᠵᠢᠯᠯᠠᠬᠤ ᠠᠷᠭ᠎ᠠ ᠮᠠᠶ᠋ᠢᠭ ᠠᠪᠴᠤ ᠪᠠᠶᠢᠭ᠎ᠠ ᠤᠴᠢᠷ ᠠᠴᠠ ᠡᠭᠡᠯᠵᠢ ᠪᠦᠷᠢ ᠶᠢᠨ ᠥᠷᠭᠡᠳᠬᠡᠨ | ᠨᠡᠮᠡᠭᠳᠡᠭᠦᠯᠬᠦ ᠪᠠᠶᠢᠴᠠᠭᠠᠯᠲᠠ ᠶᠢᠨ ᠬᠤᠭᠤᠷᠣᠨᠳᠣᠬᠢ ᠠᠷᠢᠭᠤᠨ ᠴᠡᠪᠡᠷ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠵᠤ ᠮᠡᠳᠡᠨ᠎ᠠ᠃ | ᠡᠭᠦᠨ ᠤ ᠬᠠᠮᠲᠤ ᠥᠷᠭᠡᠳᠬᠡᠨ ᠨᠡᠮᠡᠭᠳᠡᠭᠦᠯᠬᠦ ᠬᠤᠭᠤᠯᠠᠢ ᠨᠢᠭᠡᠪᠦᠷᠢ ᠶᠢ ᠴᠥᠮ ᠨᠢᠭᠲᠠ ᠪᠢᠲᠡᠭᠦᠮᠵᠢᠯᠡᠭᠰᠡᠨ ᠢ ᠪᠠᠲᠤᠯᠠᠬᠤ ᠶᠢᠨ | ᠠᠷᠭ᠎ᠠ ᠦᠭᠡᠢ ᠪᠣᠯᠬᠤᠷ ᠬᠠᠭᠤᠷᠮᠠᠭ ᠠᠷᠭ᠎ᠠ ᠴᠢᠨᠠᠷ ᠢ ᠪᠤᠢ ᠪᠣᠯᠭᠠᠵᠤ ᠮᠡᠳᠡᠨ᠎ᠡ᠃ ᠡᠭᠦᠨ ᠠᠴᠠ ᠭᠠᠳᠠᠨ᠎ᠠ᠂ ᠪᠠᠶᠢᠴᠠᠭᠠᠨ | ᠰᠢᠯᠭᠠᠬᠤ ᠶᠠᠪᠤᠴᠠ ᠳᠤ ᠥᠯᠢᠭᠡᠷ ᠤᠨ ᠬᠤᠭᠤᠷᠣᠨᠳᠤ ᠰᠣᠯᠪᠢᠴᠠᠨ ᠪᠣᠬᠢᠷᠲᠤᠬᠤ ᠪᠠᠶᠢᠳᠠᠯ ᠭᠠᠷᠴᠤ ᠮᠡᠳᠡᠨ᠎ᠡ᠂ ᠵᠢᠱᠢᠶᠡᠯᠡᠪᠡᠯ | ᠠᠷᠭ᠎ᠠ ᠴᠢᠨᠠᠷᠲᠠᠢ ᠥᠯᠢᠭᠡᠷ ᠪᠤᠶᠤ ᠮᠠᠨ ᠤ ᠬᠡᠷᠡᠭᠯᠡᠵᠦ ᠪᠠᠶᠢᠭ᠎ᠠ ᠶᠠᠰᠤ ᠴᠢᠨᠠᠷ ᠤᠨ ᠡᠵᠡᠮᠳᠡᠯ ᠤᠨ ᠡᠳ᠋ ᠨᠢ ᠤᠤᠯ ᠤᠨ ᠪᠢᠯᠢᠭ | ᠴᠢᠨᠠᠷᠲᠠᠢ ᠥᠯᠢᠭᠡᠷ ᠢ ᠪᠣᠬᠢᠷᠳᠤᠭᠤᠯᠵᠤ ᠮᠡᠳᠡᠨ᠎ᠡ᠃ ᠡᠶᠢᠮᠦ ᠠᠴᠠ ᠰᠤᠯᠪᠢᠴᠠᠭ᠎ᠠ ᠪᠣᠬᠢᠷᠳᠤᠯ ᠠᠴᠠ ᠪᠣᠯᠤᠭᠰᠠᠨ ᠬᠠᠭᠤᠷᠮᠠᠭ | ᠠᠷᠭ᠎ᠠ ᠴᠢᠨᠠᠷ ᠪᠣᠯᠣᠨ᠎ᠠ᠃ ᠡᠭᠦᠨ ᠠᠴᠠ ᠭᠠᠳᠠᠨ᠎ᠠ᠂ ᠣᠨᠴᠠ ᠵᠠᠷᠢᠮ ᠲᠤᠷᠰᠢᠯᠲᠠ ᠶᠢᠨ ᠲᠠᠰᠤᠭ ᠪᠠ ᠮᠡᠷᠭᠡᠵᠢᠯ ᠤᠨ | ᠠᠵᠢᠯᠲᠠᠨ ᠲᠣᠭᠲᠠᠭᠰᠠᠨ ᠠᠵᠢᠯ ᠤᠨ ᠵᠢᠷᠤᠮ ᠢ ᠴᠢᠩᠭ᠎ᠠ ᠵᠢᠷᠤᠮᠯᠠᠬᠤ ᠦᠭᠡᠢ ᠠᠴᠠ ᠪᠣᠯᠵᠤ ᠬᠠᠭᠤᠷᠮᠠᠭ ᠠᠷᠭ᠎ᠠ ᠴᠢᠨᠠᠷ ᠲᠠᠢ | ᠦᠷ᠎ᠡ ᠳ᠋ᠦᠩ ᠢ ᠪᠣᠢ ᠪᠣᠯᠭᠠᠳᠠᠭ᠃ | ᠡᠲᠡᠭᠡᠷ ᠪᠠᠶᠢᠳᠠᠯ ᠨᠢ ᠦᠨᠡᠨ ᠳᠤ ᠪᠠᠨ ᠪᠥᠭᠡᠮ ᠬᠦᠴᠢᠯ ᠤᠨ ᠪᠠᠶᠢᠴᠠᠭᠠᠯᠲᠠ ᠶᠢᠨ ᠣᠮᠢᠺᠷᠣᠨ ᠬᠤᠣᠷᠲᠤ | ᠸᠢᠷᠦ᠋ᠰ ᠲᠠᠬᠢ ᠰᠡᠷᠭᠡᠭ ᠴᠢᠨᠠᠷ ᠨᠢ ᠡᠳᠦᠢ ᠲᠡᠳᠦᠢ ᠪᠠᠭᠤᠷᠠᠭᠰᠠᠨ ᠢ ᠬᠠᠷᠠᠭᠤᠯᠵᠤ ᠪᠠᠶᠢᠭ᠎ᠠ ᠪᠢᠰᠢ ᠶᠤᠮ᠃ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠨᠢ ᠮᠥᠨ ᠴᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠢ ᠪᠠᠶᠢᠴᠠᠭᠠᠨ | ᠢᠯᠡᠷᠡᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠠᠷᠭ᠎ᠠ ᠪᠠᠷᠢᠯ ᠪᠣᠯᠣᠨ᠎ᠠ᠃ ᠴᠢᠩᠭᠡᠯᠢᠭᠲᠦ ᠡᠮᠨᠡᠯᠭᠡ ᠶᠢᠨ ᠬᠤᠷᠢᠶ᠎ᠠ | ᠪᠠᠶᠢᠭᠤᠯᠬᠤ ᠨᠢ ᠬᠢᠵᠢᠭ ᠤᠨ ᠪᠠᠶᠢᠳᠠᠯ ᠬᠦᠨᠳᠦ ᠨᠣᠴᠢᠲᠠᠢ ᠪᠣᠯᠣᠭᠰᠠᠨ ᠤ ᠳᠣᠬᠢᠶ᠎ᠠ ᠣᠭᠲᠣ ᠪᠢᠰᠢ ᠴᠢᠩᠭᠡᠯᠢᠭᠲᠦ ᠡᠮᠨᠡᠯᠭᠡ ᠶᠢᠨ | ᠬᠤᠷᠢᠶ᠎ᠠ ᠪᠠᠶᠢᠭᠤᠯᠬᠤ ᠨᠢ ᠬᠢᠵᠢᠭ ᠤᠨ ᠪᠠᠶᠢᠳᠠᠯ ᠬᠦᠨᠳᠦ ᠨᠣᠴᠢᠲᠠᠢ ᠪᠣᠯᠣᠭᠰᠠᠨ ᠤ ᠳᠣᠬᠢᠶ᠎ᠠ ᠣᠭᠲᠣ ᠪᠢᠰᠢ ᠶᠤᠮ᠃ ᠬᠠᠷᠢᠨ | ᠣᠮᠢᠺᠷᠤᠨ ᠣᠨᠳᠣᠣᠰᠢᠭᠰᠠᠨ ᠸᠢᠷᠦ᠋ᠰ ᠤᠨ ᠣᠨᠴᠠᠯᠢᠭ ᠢ ᠦᠨᠳᠦᠰᠦᠯᠡᠨ᠂ ᠠᠷᠭᠠᠴᠠᠭᠠᠬᠤ ᠶᠠᠪᠤᠴᠠ ᠳᠤ ᠲᠦᠷᠭᠡᠨ ᠢᠶᠠᠷ | ᠲᠦᠷᠭᠡᠨ ᠢ ᠢᠯᠠᠵᠤ᠂ ᠪᠡᠯᠡᠳᠬᠡᠯ ᠲᠠᠢ ᠪᠠᠶᠢᠪᠠᠯ ᠪᠠᠯᠠᠳᠠᠬᠤ ᠦᠭᠡᠢ ᠪᠠᠶᠢᠬᠤ ᠶᠢᠨ ᠲᠥᠯᠥᠭᠡ ᠶᠤᠮ᠃ ᠣᠮᠢᠺᠷᠦᠨ | ᠣᠨᠳᠣᠣᠰᠢᠭᠰᠠᠨ ᠸᠢᠷᠦ᠋ᠰ ᠤᠨ ᠲᠠᠷᠬᠠᠬᠤ ᠬᠤᠷᠳᠤᠴᠠ ᠨᠢ ᠨᠡᠩ ᠲᠦᠷᠭᠡᠨ᠂ ᠬᠠᠯᠳᠠᠪᠤᠷᠢᠲᠤ ᠴᠢᠨᠠᠷ ᠨᠢ ᠨᠡᠩ ᠴᠢᠩᠭ᠎ᠠ᠂ | ᠡᠭᠦᠨ ᠤ ᠳᠡᠭᠡᠷ᠎ᠡ ᠬᠠᠯᠳᠠᠪᠤᠷᠢᠯᠠᠭᠰᠠᠳ ᠤᠨ ᠡᠪᠡᠳᠴᠢᠨ ᠤ ᠪᠠᠶᠢᠳᠠᠯ ᠨᠢ ᠶᠡᠷᠦᠩᠬᠡᠢ ᠳᠤ ᠪᠠᠨ ᠨᠡᠯᠢᠶᠡᠳ ᠬᠥᠩᠭᠡᠨ ᠮᠥᠷᠲᠡᠭᠡᠨ | ᠵᠣᠬᠢᠬᠤ ᠲᠣᠭᠠᠨ ᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠪᠠᠶᠢᠵᠤ᠂ ᠬᠠᠯᠳᠠᠪᠤᠷᠢᠯᠠᠭᠰᠠᠳ ᠤᠨ ᠲᠤᠭ᠎ᠠ | ᠣᠬᠤᠷᠬᠠᠨ ᠬᠤᠭᠤᠴᠠᠭᠠᠨ ᠳᠤ ᠶᠡᠭᠡ ᠬᠡᠮᠵᠢᠶ᠎ᠡ ᠪᠠᠷ ᠨᠡᠮᠡᠭᠳᠡᠳᠡᠭ᠃ ᠡᠶᠢᠮᠦ ᠠᠴᠠ ᠬᠠᠯᠳᠠᠪᠤᠷᠢᠯᠠᠭᠰᠠᠳ ᠢ ᠲᠡᠷᠡ | ᠳᠠᠷᠤᠢ ᠳᠤ ᠨᠢ ᠠᠯᠢ ᠲᠦᠷᠭᠡᠨ ᠢᠶᠠᠷ ᠡᠮᠨᠡᠨ ᠵᠠᠰᠠᠬᠤ ᠪᠣᠯ ᠬᠠᠯᠳᠠᠪᠤᠷᠢᠯᠠᠬᠤ ᠠᠷᠭ᠎ᠠ ᠵᠠᠮ ᠢ ᠲᠠᠰᠤᠯᠬᠤ ᠪᠠ ᠤᠯᠠᠮ ᠨᠢᠭᠡ | ᠠᠯᠬᠤᠮ ᠦᠷᠪᠢᠰᠦᠨ ᠬᠠᠯᠳᠠᠪᠤᠷᠢᠯᠠᠬᠤ ᠶᠢ ᠰᠡᠷᠭᠡᠶᠢᠯᠡᠬᠦ ᠵᠠᠩᠭᠢᠯᠠᠭ᠎ᠠ ᠶᠢᠨ ᠠᠷᠭ᠎ᠠ ᠪᠠᠷᠢᠯ ᠪᠣᠯᠬᠤ ᠶᠤᠮ᠃ ᠡᠶᠢᠮᠦ ᠠᠴᠠ᠂ | ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠡᠮᠴᠢᠯᠡᠪᠡᠰᠦ ᠵᠣᠬᠢᠬᠤ ᠶᠢ ᠨᠢ ᠪᠦᠬᠦᠨ ᠢ ᠡᠮᠴᠢᠯᠡᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠠᠵᠢᠯ ᠪᠣᠯᠣᠨ ᠬᠡᠪ ᠤᠨ ᠡᠮᠴᠢᠯᠡᠭᠡᠨ ᠤ ᠠᠵᠢᠯ ᠤᠨ ᠬᠠᠷᠢᠴᠠᠭ᠎ᠠ ᠶᠢ | ᠨᠢᠭᠡᠳᠦᠯᠲᠡᠢ ᠲᠥᠯᠥᠪᠯᠡᠬᠦ ᠶᠢᠨ ᠲᠥᠯᠥᠭᠡ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠠᠪᠤᠷᠠᠨ ᠵᠠᠰᠠᠬᠤ ᠳᠤ ᠡᠩ ᠤᠨ | ᠪᠠ ᠪᠠᠴᠢᠮ ᠪᠠᠶᠢᠳᠠᠯ ᠢ ᠤᠶᠠᠯᠳᠤᠭᠤᠯᠤᠭᠰᠠᠨ ᠡᠮᠴᠢᠯᠡᠭᠡᠨ ᠤ ᠠᠪᠤᠷᠠᠨ ᠵᠠᠰᠠᠬᠤ ᠲᠣᠭᠲᠠᠯᠴᠠᠭ᠎ᠠ ᠶᠢ ᠢᠳᠡᠪᠬᠢᠲᠡᠢ | ᠪᠦᠷᠢᠯᠳᠦᠭᠦᠯᠵᠦ᠂ ᠲᠥᠷᠥᠯ ᠬᠤᠪᠢᠶᠠᠨ ᠠᠪᠤᠷᠠᠨ ᠵᠠᠰᠠᠬᠤ ᠠᠷᠭ᠎ᠠ ᠶᠢ ᠬᠡᠷᠡᠭᠵᠢᠭᠦᠯᠵᠦ ᠪᠠᠶᠢᠨ᠎ᠠ᠃ ᠣᠮᠢᠺᠷᠦᠨ ᠤ | ᠣᠨᠴᠠᠯᠢᠭ ᠢ ᠦᠨᠳᠦᠰᠦᠯᠡᠨ ᠲᠥᠷᠥᠯ ᠬᠤᠪᠢᠶᠠᠨ ᠡᠮᠨᠡᠨ ᠵᠠᠰᠠᠬᠤ᠂ ᠲᠤᠬᠠᠶᠢᠯᠠᠪᠠᠯ ᠬᠥᠩᠭᠡᠨ ᠡᠪᠡᠳᠴᠢᠲᠡᠨ ᠪᠠ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠢ ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ ᠭᠥᠯᠢᠶᠡᠨ ᠠᠪᠴᠤ ᠡᠮᠨᠡᠨ᠎ᠡ᠃ | ᠣᠯᠠᠩᠬᠢ ᠡᠪᠡᠳᠴᠢᠲᠡᠨ ᠤ ᠡᠪᠡᠳᠴᠢᠨ ᠤ ᠪᠠᠶᠢᠳᠠᠯ ᠨᠢ ᠨᠡᠯᠢᠶᠡᠳ ᠬᠥᠩᠭᠡᠨ ᠮᠥᠷᠲᠡᠭᠡᠨ ᠪᠠᠰᠠ ᠨᠢᠭᠡ ᠪᠦᠯᠦᠭ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠪᠠᠶᠢᠵᠤ᠂ ᠡᠳᠡᠭᠡᠷ ᠬᠦᠮᠦᠰ ᠢ ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ | ᠰᠠᠭᠤᠯᠭᠠᠬᠤ ᠨᠢ ᠨᠢᠭᠡ ᠲᠠᠯ᠎ᠠ ᠪᠠᠷ ᠡᠮᠴᠢᠯᠡᠭᠡᠨ ᠤ ᠠᠵᠢᠭᠯᠠᠯᠲᠠ ᠬᠢᠵᠦ ᠡᠮᠨᠡᠨ ᠵᠠᠰᠠᠵᠤ᠂ ᠨᠠᠩ ᠴᠢᠬᠤᠯᠠ ᠨᠢ ᠤᠯᠠᠮ ᠨᠢᠭᠡ | ᠠᠯᠬᠤᠮ ᠬᠠᠯᠳᠠᠪᠤᠷᠢᠯᠠᠵᠤ ᠨᠠᠩ ᠶᠡᠭᠡ ᠬᠡᠪᠴᠢᠶᠡᠨ ᠤ ᠬᠠᠯᠳᠠᠪᠤᠷᠢᠯᠠᠯ ᠡᠭᠦᠰᠬᠦ ᠠᠴᠠ ᠰᠡᠷᠭᠡᠶᠢᠯᠡᠵᠦ ᠴᠢᠳᠠᠨ᠎ᠠ᠃ ᠨᠥᠭᠦᠭᠡ | ᠲᠠᠯ᠎ᠠ ᠪᠠᠷ᠂ ᠡᠩ ᠤᠨ ᠡᠪᠡᠳᠴᠢᠲᠡᠨ᠂ ᠬᠦᠨᠳᠦ ᠡᠪᠡᠳᠴᠢᠲᠡᠨ ᠪᠠ ᠲᠦᠭᠰᠢᠭᠦᠷᠢ ᠶᠢᠨ ᠬᠦᠴᠦᠨ ᠵᠦᠢᠯ ᠪᠦᠬᠦᠢ | ᠬᠠᠯᠳᠠᠪᠤᠷᠢᠯᠠᠭᠰᠠᠳ ᠢ ᠡᠮᠨᠡᠨ ᠵᠠᠰᠠᠬᠤ ᠴᠢᠳᠠᠪᠤᠷᠢ ᠪᠠᠷ ᠨᠡᠯᠢᠶᠡᠳ ᠴᠢᠩᠭ᠎ᠠ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ | ᠡᠮᠨᠡᠨ ᠵᠠᠰᠠᠵᠤ᠂ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠡᠪᠡᠳᠴᠢᠨ ᠢᠶᠠᠷ ᠦᠬᠦᠬᠦ ᠨᠣᠷᠮ᠎ᠠ ᠶᠢ ᠪᠠᠭᠤᠷᠠᠭᠤᠯᠵᠤ᠂ | ᠬᠠᠯᠳᠠᠪᠤᠷᠢᠯᠠᠬᠤ ᠨᠣᠷᠮ᠎ᠠ ᠶᠢ ᠪᠠᠭᠤᠷᠠᠭᠤᠯᠤᠨ᠎ᠠ᠃ ᠫᠠᠰᠫᠣᠷᠲ ᠤᠨ ᠭᠠᠷ ᠭᠦᠢᠴᠡᠳᠬᠡᠯ ᠤᠨ ᠠᠵᠢᠯ ᠢ ᠵᠣᠭᠰᠣᠭᠠᠬᠤ ᠵᠡᠷᠭᠡ | ᠮᠡᠳᠡᠭᠡ ᠪᠣᠯ ᠴᠥᠮ ᠬᠤᠳᠠᠯ ᠬᠠᠭᠤᠷᠮᠠᠭ ᠴᠤᠤᠷᠬᠠᠯ ᠪᠣᠯᠣᠨ᠎ᠠ ᠪᠠᠶᠢᠴᠠᠭᠠᠨ ᠲᠣᠳᠣᠯᠠᠭᠰᠠᠨ ᠤ ᠳ᠋ᠦᠩ ᠳᠤ᠂ ᠰᠦᠯᠵᠢᠶᠡᠨ | ᠳᠡᠭᠡᠷᠡᠬᠢ ︽ᠫᠠᠰᠫᠣᠷᠲ ᠤᠨ ᠭᠠᠷ ᠭᠦᠢᠴᠡᠳᠬᠡᠯ ᠤᠨ ᠠᠵᠢᠯ ᠢ ᠵᠣᠭᠰᠣᠭᠠᠬᠤ ᠪᠠ ᠭᠠᠳᠠᠭᠠᠳᠤ ᠶᠢᠨ ᠣᠷᠣᠰᠢᠨ ᠰᠠᠭᠤᠬᠤ | ᠭᠡᠷᠡᠴᠢ ᠲᠡᠮᠳᠡᠭ ᠪᠠ ᠨᠣᠭᠤᠭᠠᠨ ᠺᠠᠷᠲ ᠶᠢ ᠬᠠᠶᠢᠴᠢᠯᠠᠬᠤ︾ ᠵᠡᠷᠭᠡ ᠮᠡᠳᠡᠭᠡ ᠪᠣᠯ ᠴᠥᠮ ᠬᠤᠳᠠᠯ ᠬᠠᠭᠤᠷᠮᠠᠭ ᠴᠤᠤᠷᠬᠠᠯ | ᠪᠣᠯᠣᠨ᠎ᠠ᠃ ᠨᠡᠭᠦᠳᠡᠯ ᠠᠷᠠᠳ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠨᠣᠭᠤᠭᠠᠨ ᠺᠠᠷᠲ ᠢ ᠪᠠᠭᠲᠠᠭᠠᠭᠰᠠᠨ ᠭᠠᠳᠠᠭᠠᠳᠤ | ᠤᠯᠤᠰ ᠤᠨ ᠭᠠᠷ ᠤᠨ ᠥᠰᠥᠭ ᠵᠢᠷᠤᠵᠤ ᠣᠯᠭᠤᠭᠰᠠᠨ ᠣᠷᠣᠰᠢᠨ ᠰᠠᠭᠤᠬᠤ ᠦᠨᠡᠮᠯᠡᠯ ᠢ ᠶᠡᠷᠦ ᠠᠴᠠ ᠬᠠᠶᠢᠴᠢᠯᠠᠭᠰᠠᠨ | ᠦᠭᠡᠢ᠂ ᠡᠶᠢᠮᠦᠷᠬᠦᠦ ᠳᠠᠮ ᠶᠠᠷᠢᠶ᠎ᠠ ᠳᠤ ᠪᠣᠳᠠᠲᠤ ᠬᠡᠷᠡᠭ ᠤᠨ ᠦᠨᠳᠦᠰᠦ ᠪᠠᠷᠢᠮᠲᠠ ᠣᠭᠲᠣ ᠦᠭᠡᠢ᠂ ᠬᠠᠮᠢᠶ᠎ᠠ ᠪᠦᠬᠦᠢ | ᠬᠠᠷᠢᠭᠤᠴᠠᠯᠭᠠᠲᠠᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠨᠢᠭᠡᠨᠲᠡ ᠬᠠᠤᠯᠢ ᠶᠣᠰᠣᠭᠠᠷ ᠰᠢᠢᠳᠪᠦᠷᠢᠯᠡᠭᠰᠡᠨ | ᠪᠠᠶᠢᠨ᠎ᠠ᠃ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠭᠤᠶᠤᠴᠢᠯᠠᠯ ᠢ ᠦᠨᠳᠦᠰᠦᠯᠡᠨ ᠲᠤᠬᠠᠢ ᠶᠢᠨ ᠬᠥᠮᠥᠨ ᠤ ᠬᠢᠯᠢ ᠪᠠᠷ ᠣᠷᠣᠵᠤ ᠭᠠᠷᠬᠤ ᠭᠡᠷᠡᠴᠢ ᠲᠡᠮᠳᠡᠭ ᠢ | ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠵᠤ ᠣᠯᠭᠤᠬᠤ ᠦᠶ᠎ᠡ ᠳᠤ᠂ ᠡᠰᠡᠬᠦᠯ᠎ᠡ ᠬᠢᠯᠢ ᠪᠠᠷ ᠣᠷᠣᠵᠤ ᠭᠠᠷᠬᠤ | ᠬᠢᠯᠢ ᠶᠢᠨ ᠪᠠᠶᠢᠴᠠᠭᠠᠯᠲᠠ ᠶᠢᠨ ᠪᠠᠶᠢᠭᠤᠯᠭ᠎ᠠ ᠨᠢ ᠪᠠᠶᠢᠴᠠᠭᠠᠬᠤ ᠶᠠᠪᠤᠴᠠ ᠳᠤ ᠪᠠᠨ ᠲᠤᠬᠠᠢ ᠶᠢᠨ ᠬᠥᠮᠥᠨ ᠤ ᠳᠤᠮᠳᠠᠳᠤ | ᠤᠯᠤᠰ ᠤᠨ ᠬᠢᠯᠢ ᠪᠠᠷ ᠣᠷᠣᠵᠤ ᠭᠠᠷᠬᠤ ᠭᠡᠷᠡᠴᠢ ᠲᠡᠮᠳᠡᠭ ᠢ ᠨᠢᠭᠡᠨᠲᠡ ᠬᠦᠴᠦᠨ ᠦᠭᠡᠢ ᠪᠣᠯᠭᠠᠬᠤ ᠪᠠᠷ ᠬᠠᠤᠯᠢ ᠶᠣᠰᠣᠭᠠᠷ | ᠵᠠᠷᠯᠠᠭᠰᠠᠨ ᠢ ᠣᠯᠵᠤ ᠮᠡᠳᠡᠪᠡᠯ᠂ ᠨᠢᠭᠡᠨᠲᠡ ᠬᠦᠴᠦᠨ ᠦᠭᠡᠢ ᠪᠣᠯᠤᠭᠰᠠᠨ ᠭᠡᠷᠡᠴᠢ ᠲᠡᠮᠳᠡᠭ ᠢ ︽ᠥᠨᠴᠥᠭ ᠬᠠᠶᠢᠴᠢᠯᠠᠨ︾ | ᠰᠢᠢᠳᠪᠦᠷᠢᠯᠡᠵᠦ᠂ ᠬᠠᠤᠯᠢ ᠪᠤᠰᠤ ᠡᠲᠡᠭᠡᠳ ᠲᠤ ᠠᠰᠢᠭᠯᠠᠭᠳᠠᠬᠤ ᠶᠢ ᠰᠡᠷᠭᠡᠶᠢᠯᠡᠨ᠂ ᠲᠤᠬᠠᠢ ᠶᠢᠨ ᠬᠥᠮᠥᠨ ᠤ ᠬᠠᠤᠯᠢ | ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠳᠠᠭ᠃ ᠬᠦᠴᠦᠨ ᠦᠭᠡᠢ ᠪᠣᠯᠤᠭᠰᠠᠨ ᠦᠨᠡᠮᠯᠡᠯ ᠢ ︽ᠥᠨᠴᠥᠭ | ᠬᠠᠶᠢᠴᠢᠯᠠᠬᠤ︾ ᠠᠷᠭ᠎ᠠ ᠪᠠᠷ ᠰᠢᠢᠳᠪᠦᠷᠢᠯᠡᠬᠦ ᠪᠣᠯ ᠪᠠᠰᠠ ᠴᠤ ᠳᠡᠯᠡᠬᠡᠢ ᠳᠡᠭᠡᠷᠡᠬᠢ ᠮᠠᠰᠢ ᠣᠯᠠᠨ ᠤᠯᠤᠰ ᠤᠨ ᠶᠡᠷᠦᠳᠡ ᠶᠢᠨ | ᠬᠡᠷᠡᠭᠯᠡᠳᠡᠭ ᠠᠷᠭ᠎ᠠ ᠮᠥᠨ᠃ ᠪᠠᠶᠢᠩᠭᠤᠵᠢᠭᠰᠠᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠶᠠᠭᠠᠬᠢᠭᠰᠠᠨ ᠴᠦ ᠨᠢᠭᠡ ᠯᠡ | ᠪᠠᠷᠢᠮᠵᠢᠶ᠎ᠠ ᠪᠠᠷ ᠱᠠᠭᠠᠷᠳᠠᠵᠤ ᠪᠣᠯᠬᠤ ᠦᠭᠡᠢ ᠪᠠᠶᠢᠩᠭᠤᠵᠢᠭᠰᠠᠨ ᠪᠥᠭᠡᠮ ᠬᠦᠴᠢᠯ ᠤᠨ ᠪᠠᠶᠢᠴᠠᠭᠠᠯᠲᠠ ᠶᠢ ᠲᠤᠬᠠᠢ ᠶᠢᠨ | ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠦᠨᠳᠦᠰᠦᠯᠡᠨ ᠲᠣᠭᠲᠠᠭᠠᠬᠤ ᠬᠡᠷᠡᠭᠲᠡᠢ᠂ ᠨᠢᠭᠡ | ᠯᠡ ᠪᠠᠷᠢᠮᠵᠢᠶ᠎ᠠ ᠪᠠᠷ ᠱᠠᠭᠠᠷᠳᠠᠵᠤ ᠶᠠᠭᠠᠬᠢᠭᠰᠠᠨ ᠴᠤ ᠪᠣᠯᠬᠤ ᠦᠭᠡᠢ᠃ ᠡᠶᠢᠮᠦ ᠠᠴᠠ᠂ ᠪᠢᠳᠡ ᠪᠣᠶ ᠪᠦᠬᠦᠢ ᠬᠤᠲᠠ ᠳᠤ | ᠴᠥᠮ 15 ᠮᠢᠨᠦ᠋ᠲ ᠤᠨ ᠪᠥᠭᠡᠮ ᠬᠦᠴᠢᠯ ᠤᠨ ᠥᠯᠢᠭᠡᠷ ᠠᠪᠬᠤ ᠴᠠᠭᠠᠷᠢᠭ ᠪᠠᠶᠢᠭᠤᠯᠬᠤ ᠪᠠᠷ ᠱᠠᠭᠠᠷᠳᠠᠵᠤ ᠪᠠᠶᠢᠭ᠎ᠠ ᠪᠢᠰᠢ᠂ | ᠬᠠᠷᠢᠨ ᠭᠤᠣᠯᠳᠠᠭᠤ ᠡᠪᠡᠳᠴᠢᠨ ᠬᠠᠯᠳᠠᠪᠤᠷᠢᠯᠠᠬᠤ ᠲᠦᠭᠰᠢᠭᠦᠷᠢ ᠪᠠᠷ ᠨᠡᠯᠢᠶᠡᠳ ᠥᠨᠳᠥᠷ ᠮᠤᠵᠢ ᠶᠢᠨ ᠲᠥᠪ ᠬᠤᠲᠠ ᠵᠢᠴᠢ | ᠬᠥᠮᠥᠨ ᠠᠮᠠ ᠶᠢᠨ ᠲᠤᠭ᠎ᠠ ᠮᠢᠩᠭᠠᠨ ᠲᠦᠮᠡᠨ ᠲᠠᠰ ᠤᠨ ᠬᠤᠲᠠ ᠳᠤ ᠲᠦᠪᠯᠡᠷᠡᠭᠦᠯᠵᠦ ᠪᠠᠶᠢᠭ᠎ᠠ ᠶᠤᠮ᠃ ᠪᠠᠶᠢᠴᠠᠭᠠᠯᠲᠠ ᠶᠢᠨ | ᠳᠠᠪᠲᠠᠮᠵᠢ ᠶᠢᠨ ᠲᠠᠯ᠎ᠠ ᠪᠠᠷ ᠴᠤ ᠪᠣᠶ ᠪᠦᠬᠦᠢ ᠬᠥᠮᠥᠰ ᠢ ᠴᠥᠮ 48 ᠴᠠᠭ ᠤᠨ ᠳᠣᠲᠣᠷ᠎ᠠ ᠨᠢᠭᠡ ᠤᠳᠠᠭ᠎ᠠ ᠪᠠᠶᠢᠴᠠᠭᠠᠨ | ᠰᠢᠯᠭᠠᠬᠤ ᠪᠠᠷ ᠱᠠᠭᠠᠷᠳᠠᠬᠤ ᠪᠢᠰᠢ᠂ ᠪᠣᠳᠠᠲᠠᠢ ᠪᠠᠶᠢᠴᠠᠭᠠᠨ ᠰᠢᠯᠭᠠᠬᠤ ᠳᠠᠪᠲᠠᠮᠵᠢ ᠤᠳᠠᠭ᠎ᠠ ᠶᠢ ᠴᠤ ᠲᠤᠬᠠᠢ ᠶᠢᠨ ᠭᠠᠵᠠᠷ ᠤᠨ | ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠪᠠ ᠰᠡᠷᠭᠡᠶᠢᠯᠡᠨ ᠡᠵᠡᠮᠳᠡᠬᠦ ᠬᠡᠷᠡᠭᠴᠡᠭᠡ ᠪᠠᠷ ᠴᠠᠭ ᠪᠠ ᠪᠠᠶᠢᠳᠠᠯ ᠢ | ᠦᠨᠳᠦᠰᠦᠯᠡᠨ ᠲᠣᠭᠲᠠᠭᠠᠬᠤ ᠬᠡᠷᠡᠭᠲᠡᠢ᠃ |