ᠥᠪᠥᠷ ᠮᠣᠩᠭᠤᠯ ᠤᠨ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠦ ᠹᠧᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠲᠣᠭᠲᠠᠬᠤ ᠰᠢᠶᠠᠨ᠂ ᠲᠣᠭᠲᠠᠬᠤ ᠴᠢᠩ ᠱᠦᠢ ᠾᠧ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠨ ᠠᠵᠤ ᠠᠬᠤᠶᠢᠯᠠᠯ ᠤᠨ ᠠᠵᠢᠯᠯᠠᠭᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/5/26
      5 ᠳ᠋ᠤᠭᠠᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠦ ᠹᠧᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠲᠣᠭᠲᠠᠬᠤ ᠰᠢᠶᠠᠨ᠂ ᠲᠣᠭᠲᠠᠬᠤ ᠴᠢᠩ ᠱᠦᠢ ᠾᠧ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠨ ᠠᠵᠤ ᠠᠬᠤᠶᠢᠯᠠᠯ ᠤᠨ ᠠᠵᠢᠯᠯᠠᠭᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠣᠭᠲᠠᠬᠤ ᠰᠢᠶᠠᠨ᠂ ᠨᠡᠭᠡᠭᠡᠯᠲᠡ ᠶᠢᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ᠂ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠢ ᠶᠠᠷᠢᠯᠴᠠᠨ ᠰᠣᠯᠢᠯᠴᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠭᠤᠸ ᠵᠧᠩ᠂ ᠲᠣᠭᠲᠠᠬᠤ ᠴᠢᠩ ᠱᠦᠢ ᠾᠧ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠪᠠᠶᠢᠩᠭᠤ ᠶᠢᠨ ᠲᠡᠳ᠋ ᠳᠠᠷᠤᠭ᠎ᠠ ᠯᠢᠦ ᡁᠢ ᠴᠢᠶᠠᠩ᠂ ᠰᠢᠶᠠᠨ ᠤ ᠳᠡᠳ᠋ ᠳᠠᠷᠤᠭ᠎ᠠ ᠵᠠᠩ ᠵᠧᠨ ᠬᠠᠢ᠂ ᠲᠣᠭᠲᠠᠬᠤ ᠴᠢᠩ ᠱᠦᠢ ᠾᠧ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠲᠣᠭᠲᠠᠬᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ᠂ ᠱᠤᠸᠠᠩ ᠾᠧ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠷ ᠪᠠᠷ᠎ᠠ ᠪᠣᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠶᠢᠨ ᠾᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠺᠣᠮᠫᠠᠨᠢ᠂ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠺᠣᠮᠫᠠᠨᠢ ᠳᠤ ᠭᠦᠨᠵᠡᠭᠡᠶᠢᠷᠡᠨ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠣᠶᠢᠯᠠᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠠᠵᠤ ᠠᠬᠤᠶᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ᠂ ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ ᠤ ᠬᠡᠷᠡᠭᠴᠡᠭᠡ᠂ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠵᠡᠷᠭᠡ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃      ᠶᠠᠷᠢᠯᠴᠠᠬᠤ ᠬᠤᠷᠠᠯ ᠳᠡᠭᠡᠷ᠎ᠡ᠂ ᠯᠢᠦ ᠹᠧᠩ ᠥᠪᠥᠷ ᠮᠣᠩᠭᠤᠯ ᠤᠨ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠵᠢᠭᠡᠯᠡᠯᠭᠡ ᠲᠠᠯᠪᠢᠬᠤ ᠪᠦᠲᠦᠴᠡ ᠶᠢ ᠰᠢᠯᠢᠳᠡᠭᠵᠢᠭᠦᠯᠬᠦ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠶᠡᠭᠡ ᠪᠠᠷ ᠳᠡᠮᠵᠢᠬᠦ᠂ ᠪᠡᠯᠡ ᠲᠣᠬᠢᠷᠠᠭᠤᠯᠬᠤ ᠳᠤ ᠬᠦᠴᠢᠷᠲᠡᠢ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠵᠥᠷᠢᠴᠡᠯ ᠢ ᠢᠳᠡᠪᠬᠢᠲᠡᠢ ᠰᠢᠢᠳᠪᠦᠷᠢᠯᠡᠬᠦ ᠵᠡᠷᠭᠡ ᠪᠠᠶᠢᠳᠠᠯ ᠤᠨ ᠲᠤᠬᠠᠢ ᠨᠠᠷᠢᠨ ᠲᠠᠨᠢᠯᠴᠠᠭᠤᠯᠪᠠ᠃ ᠯᠢᠦ ᡁᠢ ᠴᠢᠶᠠᠩ ᠣᠶᠢᠷ᠎ᠠ ᠶᠢᠨ ᠵᠢᠯ ᠠᠴᠠ ᠨᠠᠰᠢᠬᠢ ᠲᠤᠭᠳᠠᠬᠤ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ᠂ ᠨᠡᠭᠡᠭᠡᠨ ᠬᠥᠭᠵᠢᠭᠦᠯᠦᠯᠲᠡ ᠶᠢᠨ ᠣᠷᠣᠨ ᠤ ᠬᠥᠭᠵᠢᠯᠲᠡ ᠶᠢᠨ ᠣᠶᠢᠯᠠᠭᠠᠭᠳᠠᠬᠤᠨ᠂ ᠠᠵᠤ ᠦᠢᠯᠡᠰ ᠤᠨ ᠪᠠᠶᠢᠷᠢᠰᠢᠭᠤᠯᠤᠯᠲᠠ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠪᠠᠶᠢᠳᠠᠯ ᠤᠨ ᠲᠤᠬᠠᠢ ᠨᠠᠷᠢᠨ ᠲᠠᠨᠢᠯᠴᠠᠭᠤᠯᠤᠭᠰᠠᠨ ᠤ ᠬᠠᠮᠲᠤ ᠳᠠᠷᠠᠭᠠᠴᠢ ᠶᠢᠨ ᠠᠯᠬᠤᠮ ᠳᠤ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠬᠤ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠭᠦᠨᠵᠡᠭᠡᠢ ᠰᠣᠯᠢᠯᠴᠠᠪᠠ      ᠯᠢᠦ ᠹᠧᠩ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠤᠳ ᠲᠤ ᠥᠪᠥᠷ ᠮᠣᠩᠭᠤᠯ ᠤᠨ ᠪᠠᠩᠬᠢ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠥᠪᠡᠷᠮᠢᠴᠡ ᠣᠨᠴᠠᠯᠢᠭ ᠲᠠᠢ ᠦᠢᠯᠡᠴᠢᠯᠡᠭᠡᠨ ᠤ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠠᠷᠭ᠎ᠠ ᠮᠠᠶ᠋ᠢᠭ ᠪᠠ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠬᠦ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠣᠷᠣᠨ ᠨᠤᠲᠤᠭ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠪᠣᠬᠢᠷᠳᠤᠯ ᠦᠭᠡᠢ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠪᠡ᠃ ᠨᠡᠭᠡᠭᠡᠯᠲᠡ ᠶᠢᠨ ᠲᠣᠭᠤᠷᠢᠭ ᠨᠢ ᠬᠥᠬᠡᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠭᠤᠣᠯ ᠵᠢᠭᠰᠠᠭᠠᠯ ᠤᠨ ᠭᠠᠵᠠᠷ ᠪᠣᠯᠤᠭᠰᠠᠨ ᠤ ᠴᠠᠬᠢᠯᠭᠠᠨ ᠬᠦᠴᠦ᠂ ᠠᠮᠢᠳᠤ ᠪᠣᠳᠠᠰ ᠤᠨ ᠡᠮ ᠡᠮᠨᠡᠯᠭᠡ᠂ ᠲᠡᠮᠦᠷᠯᠢᠭ ᠪᠣᠯᠪᠠᠰᠤᠷᠠᠭᠤᠯᠬᠤ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠠᠷ ᠣᠨᠴᠠᠯᠢᠭ ᠪᠣᠯᠭᠠᠭᠰᠠᠨ ᠠᠵᠤ ᠦᠢᠯᠡᠰ ᠤᠨ ᠬᠡᠯᠬᠢᠶ᠎ᠡ ᠶᠢ ᠲᠥᠪᠯᠡᠷᠡᠭᠦᠯᠦᠨ ᠪᠦᠷᠢᠯᠳᠦᠭᠦᠯᠵᠦ᠂ ᠬᠥᠭᠵᠢᠯᠲᠡ ᠶᠢᠨ ᠬᠡᠲᠦ ᠶᠢᠨ ᠲᠥᠯᠥᠪ ᠥᠷᠭᠡᠨ ᠠᠭᠤᠳᠠᠮ᠂ ᠬᠥᠭᠵᠢᠯᠲᠡ ᠶᠢᠨ ᠨᠥᠭᠡᠴᠡ ᠬᠦᠴᠦᠨ ᠮᠠᠰᠢ ᠶᠡᠭᠡ᠂ ᠥᠪᠥᠷ ᠮᠣᠩᠭᠤᠯ ᠤᠨ ᠪᠠᠩᠬᠢ ᠨᠢ ᠣᠷᠣᠨ ᠨᠤᠲᠤᠭ᠂ ᠨᠡᠭᠡᠭᠡᠯᠲᠡ ᠶᠢᠨ ᠲᠣᠭᠤᠷᠢᠭ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠠ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠵᠣᠬᠢᠬᠤ ᠠᠵᠢᠯ ᠤᠨ ᠠᠷᠭ᠎ᠠ ᠬᠡᠮᠵᠢᠶ᠎ᠡ ᠪᠠ ᠠᠷᠭ᠎ᠠ ᠶᠢ ᠰᠤᠳᠤᠯᠤᠨ ᠲᠣᠭᠲᠠᠭᠠᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠬᠦᠴᠦᠯᠡᠨ ᠳᠡᠭᠡᠭᠰᠢᠯᠡᠭᠦᠯᠵᠦ᠂ ᠲᠣᠭᠲᠠᠬᠤ ᠰᠢᠶᠠᠨ ᠤ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠢ᠃      ᠭᠤᠤ ᠵᠧᠩ ᠥᠪᠥᠷ ᠮᠣᠩᠭᠤᠯ ᠤᠨ ᠪᠠᠩᠬᠢ ᠶᠢᠨ ᠬᠢᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ ᠪᠠᠩᠬᠢ ᠶᠢᠨ ᠤᠷᠳᠤ ᠬᠤᠭᠤᠴᠠᠭᠠᠨ ᠤ ᠲᠤᠷᠰᠢ ᠲᠣᠭᠲᠠᠬᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ ᠪᠠᠩᠬᠢ ᠲᠣᠭᠲᠠᠬᠤ ᠰᠢᠶᠠᠨ ᠳᠤ ᠢᠷᠡᠭᠰᠡᠨ ᠠᠴᠠ ᠨᠠᠰᠢ᠂ ᠨᠡᠶᠢᠭᠡᠮ ᠤᠨ ᠡᠭᠦᠷᠭᠡ ᠪᠠᠨ ᠢᠳᠡᠪᠬᠢᠲᠡᠢ ᠭᠦᠢᠴᠡᠳᠬᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠬᠠᠷᠢᠭᠤᠴᠠᠯᠭ᠎ᠠ ᠪᠠ ᠡᠭᠦᠷᠭᠡᠯᠡᠯ ᠢ ᠭᠦᠢᠴᠡᠳ ᠢᠯᠡᠷᠡᠭᠦᠯᠵᠦ᠂ ᠲᠣᠭᠲᠠᠬᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠠᠵᠤ ᠦᠢᠯᠡᠳᠪᠦᠷᠢ ᠪᠣᠯ ᠣᠷᠣᠨ ᠨᠤᠲᠤᠭ ᠤᠨ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠠ ᠲᠤᠯᠭᠠᠭᠤᠷᠢᠯᠠᠬᠤ ︽ᠭᠤᠣᠯ ᠬᠥᠳᠡᠯᠭᠡᠭᠦᠷ︾ ᠪᠠ ︽ᠭᠤᠣᠯ ᠲᠤᠯᠭᠠᠭᠤᠷᠢ︾ ᠮᠥᠨ᠂ ᠥᠪᠥᠷ ᠮᠣᠩᠭᠤᠯ ᠪᠠᠩᠬᠢ ᠶᠢᠨ ᠬᠢᠨ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠬᠢᠬᠦ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠣᠭᠲᠠᠴᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠡᠷᠡᠰ ᠳᠡᠮᠵᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ᠂ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠠᠵᠤ ᠦᠢᠯᠡᠰ ᠤᠨ ᠪᠦᠬᠦ ᠬᠡᠯᠬᠢᠶ᠎ᠡ ᠶᠢᠨ ᠬᠥᠭᠵᠢᠯᠲᠡ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠯᠡ ᠮᠥᠩᠭᠦ ᠴᠤᠭᠯᠠᠭᠤᠯᠬᠤ ᠬᠠᠩᠭᠠᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠣᠭᠲᠠᠬᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1