ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2022 ᠣᠨ ᠤ ᠪᠥᠬᠦ ᠤᠯᠤᠰ ᠤᠨ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ  ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2022/5/26
      ᠵᠠᠰᠠᠯ ᠴᠢᠮᠡᠭᠯᠡᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠤᠱᠯᠠᠭᠤᠯᠬᠤ ᠶᠢ ᠵᠠᠰᠠᠯ ᠴᠢᠮᠡᠭ ᠤᠨ ᠡᠳ᠋ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠵᠠᠰᠠᠯ ᠴᠢᠮᠡᠭᠯᠡᠯ ᠤᠨ ᠡᠳ᠋ ᠢ ᠠᠮᠤᠷ ᠲᠦᠪᠰᠢᠨ ᠢᠶᠠᠷ ᠬᠡᠷᠡᠭᠯᠡᠬᠦ ᠲᠤᠬᠠᠢ ᠣᠯᠠᠨ ᠨᠡᠶᠢᠲᠡ ᠶᠢᠨ ᠲᠠᠨᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠡᠷᠡᠭᠯᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠠᠰᠠᠯ ᠴᠢᠮᠡᠭᠯᠡᠯ ᠤᠨ ᠡᠳ᠋ ᠢ ᠰᠢᠨᠵᠢᠯᠡᠬᠦ ᠤᠬᠠᠭᠠᠨᠴᠢ ᠪᠠᠷ᠂ ᠵᠦᠢ ᠵᠣᠬᠢᠰᠲᠠᠢ ᠪᠠᠷ ᠬᠡᠷᠡᠭᠯᠡᠭᠦᠯᠬᠦ ᠶᠢᠨ ᠲᠦᠯᠦᠭᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ 5 ᠳ᠋ᠤᠭᠠᠷ ᠰᠠᠷ᠎ᠠ ᠶᠢᠨ 25 ᠤ ᠡᠳᠦᠷ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠵᠠᠰᠠᠯ ᠴᠢᠮᠡᠭᠯᠡᠯ ᠢ ᠠᠮᠤᠷ ᠲᠦᠪᠰᠢᠨ ᠢᠶᠠᠷ ᠬᠡᠷᠡᠭᠯᠡᠵᠦ᠂  ᠭᠠᠷ ᠬᠤᠯᠪᠤᠨ ᠬᠠᠮᠳᠦ ᠠᠶᠠᠯᠠᠬᠤ︾ ᠪᠠᠷ ᠭᠤᠣᠯ ᠰᠡᠳᠦᠪ ᠪᠣᠯᠭᠠᠭᠰᠠᠨ 2022 ᠣᠨ ᠤ ᠪᠥᠬᠦ ᠤᠯᠤᠰ ᠤᠨ ᠵᠠᠰᠠᠯ ᠴᠢᠮᠡᠭᠯᠡᠯ ᠤᠨ ᠡᠳ᠋ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃      ᠠᠵᠢᠯᠯᠠᠭ᠎ᠠ ᠶᠢᠨ ᠠᠬᠤᠢ ᠲᠠᠯᠠᠪᠠᠶ ᠳᠤ ᠠᠰᠠᠭᠤᠨ ᠯᠠᠪᠯᠠᠬᠤ ᠲᠠᠪᠴᠠᠩ ᠭᠠᠷᠭᠠᠵᠤ᠂ ᠭᠤᠶᠣᠯᠠᠯ ᠤᠨ ᠡᠳ᠋ ᠤᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ᠂ ︽ᠭᠤᠶᠣᠯᠠᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠳᠦᠷᠢᠮ︾ ᠤᠨ ᠲᠤᠰᠬᠠᠢ ᠳᠡᠪᠲᠡᠷ᠂ ᠭᠤᠶᠣᠯᠠᠯ ᠤᠨ ᠡᠳ᠋ ᠢ ᠠᠮᠤᠷ ᠲᠦᠪᠰᠢᠨ ᠢᠶᠠᠷ ᠬᠡᠷᠡᠭᠯᠡᠬᠦ ᠤᠬᠠᠭᠤᠯᠭ᠎ᠠ ᠶᠢᠨ ᠥᠩᠭᠡᠲᠦ ᠬᠠᠭᠤᠳᠠᠰᠤ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠠᠷᠠᠰᠤᠨ ᠤ ᠬᠠᠮᠠᠭᠠᠯᠠᠯᠲᠠ ᠶᠢᠨ ᠭᠤᠣᠯᠳᠠᠯᠭ᠎ᠠ ᠪᠠ ᠠᠳᠡᠭᠦᠷᠡᠯ ᠢ ᠲᠠᠶᠢᠯᠪᠤᠷᠢᠯᠠᠨ᠂ ᠣᠯᠠᠨ ᠲᠦᠮᠡᠨ ᠤ ᠮᠠᠳᠠᠭ ᠲᠠᠢ ᠠᠰᠠᠭᠤᠯᠲᠠ ᠶᠢ ᠬᠠᠷᠢᠭᠤᠯᠵᠤ᠂ ᠭᠤᠶᠣᠯᠠᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ app ᠬᠡᠷᠡᠭᠯᠡᠬᠦ ᠠᠷᠭ᠎ᠠ ᠶᠢ ᠤᠬᠠᠭᠤᠯᠤᠨ ᠲᠠᠶᠢᠯᠪᠤᠷᠢᠯᠠᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠭᠤᠷᠮᠠᠭ ᠢ ᠲᠠᠨᠢᠵᠤ ᠮᠠᠭᠤ ᠶᠢ ᠢᠯᠭᠠᠬᠤ ᠪᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠡᠷᠡᠭᠦᠯ ᠮᠡᠨᠳᠦ ᠶᠢᠨ ᠬᠡᠷᠡᠭᠯᠡᠭᠡ ᠶᠢ ᠰᠠᠨᠠᠭᠠᠴᠢᠯᠠᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠲᠦᠷᠦᠯ ᠤᠨ ᠤᠬᠠᠭᠤᠯᠭ᠎ᠠ ᠶᠢᠨ ᠮᠠᠲ᠋ᠧᠷᠢᠶᠠᠯ ᠪᠠ ᠮᠡᠳᠡᠯᠭᠡ ᠶᠢᠨ ᠤᠩᠰᠢᠬᠤ ᠪᠢᠴᠢᠭ ᠢ ᠨᠡᠶᠢᠳᠡ 300 ᠭᠠᠷᠤᠢ ᠬᠤᠪᠢ ᠲᠠᠷᠬᠠᠭᠠᠵᠤ᠂ 62 ᠭᠠᠷᠤᠢ ᠬᠥᠮᠥᠨ ᠤᠳᠠᠭ᠎ᠠ ᠠᠰᠠᠭᠤᠨ ᠯᠠᠪᠯᠠᠵᠤ᠂ ᠮᠠᠰᠢ ᠰᠠᠶᠢᠨ ᠤᠬᠠᠭᠤᠯᠭ᠎ᠠ ᠶᠢᠨ ᠦᠷ᠎ᠡ ᠪᠦᠲᠦᠮᠵᠢ ᠣᠯᠵᠠᠢ᠃      ᠳᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠭᠤᠯᠭ᠎ᠠ ᠪᠠ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠲᠦᠭᠡᠮᠡᠯᠵᠢᠭᠦᠯᠦᠯᠲᠡ ᠶᠢ ᠤᠬᠠᠭᠤᠯᠤᠨ ᠲᠠᠶᠢᠯᠪᠤᠷᠢᠯᠠᠬᠤ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠰᠦᠯᠵᠢᠶ᠎ᠡ ᠶᠢᠨ  ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠬᠡᠦᠬᠡᠳ ᠤᠨ ᠭᠤᠶᠣᠯᠠᠯ ᠤᠨ ᠡᠳ᠋ ᠤᠨ ᠠᠮᠤᠷ ᠲᠦᠪᠰᠢᠨ ᠢ ᠲᠠᠨᠢᠨ ᠮᠡᠳᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠡᠷᠡᠭᠯᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠭᠤᠶᠣᠯᠠᠯ ᠤᠨ ᠡᠳ᠋ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠤᠳᠤᠷᠢᠳᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1