ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ 156 ᠰᠢᠯᠢᠳᠡᠭ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠵᠤ ᠦᠨᠳᠦᠰᠦᠨ ᠪᠣᠯᠪᠠᠰᠤᠷᠠᠯ ᠬᠢᠯᠭᠡᠪᠡ
ᠨᠡᠶᠢᠲᠡᠯᠡᠭᠰᠡᠨ ᠴᠠᠭ᠄
2022/5/26
      ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠡᠷᠦᠭᠡ ᠶᠢᠨ ᠴᠡᠷᠢᠭ ᠤᠨ ᠬᠤᠪᠢᠶᠠᠷᠢ ᠠᠩᠭᠢ ᠶᠢᠨ ᠲᠤᠰᠠᠯᠠᠨ ᠪᠠᠲᠤᠯᠠᠬᠤ ᠴᠢᠳᠠᠪᠤᠷᠢ ᠶᠢ ᠪᠠᠲᠤᠳᠬᠠᠬᠤ ᠶᠢᠨ ᠲᠥᠯᠥᠭᠡ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠣᠨ ᠤ ᠪᠣᠯᠪᠠᠰᠤᠷᠠᠯ ᠤᠨ ᠲᠥᠯᠥᠪᠯᠡᠭᠡ ᠶᠢᠨ ᠲᠣᠬᠢᠷᠠᠭᠤᠯᠤᠯᠲᠠ ᠶᠢ ᠦᠨᠳᠦᠰᠦᠯᠡᠨ᠂ 5 ᠳ᠋ᠤᠭᠠᠷ ᠰᠠᠷ᠎ᠠ ᠶᠢᠨ 17  ᠤ ᠡᠳᠦᠷ ᠠᠴᠠ 21  ᠤ ᠡᠳᠦᠷ ᠪᠣᠯᠲᠠᠯ᠎ᠠ᠂ ᠪᠦᠯᠦᠭ ᠤᠳᠠᠭ᠎ᠠ ᠬᠤᠪᠢᠶᠠᠨ 156 ᠰᠢᠯᠢᠳᠡᠭ ᠡᠷᠦᠭᠡ ᠶᠢᠨ ᠴᠡᠷᠢᠭ ᠢ ᠵᠣᠬᠢᠶᠠᠨ ᠪᠠᠶᠢᠭᠤᠯᠵᠤ ᠬᠠᠮᠲᠤ ᠶᠢᠨ ᠰᠠᠭᠤᠷᠢ ᠪᠣᠯᠪᠠᠰᠤᠷᠠᠯ ᠬᠢᠯᠭᠡᠵᠦ᠂ ᠲᠠᠶᠢᠨ ᠳᠤ ᠪᠡᠯᠡᠳᠬᠡᠬᠦ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠵᠤ᠂ ᠡᠷᠦᠭᠡ ᠶᠢᠨ ᠴᠡᠷᠢᠭ ᠤᠨ ᠵᠢᠩᠬᠢᠨᠢ ᠪᠠᠶᠢᠯᠳᠤᠭᠠᠨ ᠤ ᠪᠣᠳᠠᠲᠠᠢ ᠪᠣᠯᠪᠠᠰᠤᠷᠠᠯ ᠤᠨ ᠴᠢᠳᠠᠪᠤᠷᠢ ᠶᠢ ᠴᠢᠩᠭᠠᠳᠬᠠᠵᠠᠢ᠃      ᠲᠤᠰ ᠤᠳᠠᠭᠠᠨ ᠤ ᠪᠣᠯᠪᠠᠰᠤᠷᠠᠯ ᠨᠢ ᠪᠣᠯᠪᠠᠰᠤᠷᠠᠯ ᠤᠨ ᠬᠥᠲᠥᠯᠪᠦᠷᠢ ᠲᠠᠢ ᠨᠢᠭᠲᠠ ᠤᠶᠠᠯᠳᠤᠭᠤᠯᠤᠨ᠂ ᠭᠤᠣᠯᠳᠠᠭᠤ ᠴᠡᠷᠢᠭ ᠤᠨ ᠶᠠᠪᠤᠳᠠᠯ ᠤᠨ ᠤᠨᠤᠯ᠂ ᠳᠠᠶᠢᠨ ᠤ ᠪᠡᠯᠡᠳᠬᠡᠯ ᠤᠨ ᠶᠡᠷᠦ ᠶᠢᠨ ᠮᠡᠳᠡᠯᠭᠡ᠂ ᠭᠠᠭᠴᠠ ᠴᠡᠷᠢᠭ ᠤᠨ ᠪᠠᠶᠢᠯᠳᠤᠬᠤ ᠠᠷᠭ᠎ᠠ ᠶᠢᠨ ᠰᠠᠭᠤᠷᠢ᠂ ᠭᠠᠷᠨᠠᠲᠠ ᠰᠢᠳᠡᠬᠦ᠂ ᠴᠡᠷᠢᠭ ᠤᠨ ᠲᠦᠷᠦᠯ ᠤᠨ ᠶᠡᠷᠦ ᠶᠢᠨ ᠮᠡᠳᠡᠯᠭᠡ ᠂ ᠡᠷᠡᠭᠦᠯ ᠬᠠᠮᠠᠭᠠᠯᠠᠯ ᠪᠠ ᠠᠪᠤᠷᠠᠯᠲᠠ᠂ ᠬᠠᠭᠤᠷᠮᠠᠭᠯᠠᠯ ᠪᠠ ᠬᠠᠮᠠᠭᠠᠯᠠᠯᠲᠠ᠂ ᠬᠥᠩᠭᠡᠨ ᠵᠡᠪᠰᠡᠭ ᠤᠨ ᠫᠤᠤᠳᠠᠯᠭ᠎ᠠ ᠵᠡᠷᠭᠡ ᠠᠭᠤᠯᠭ᠎ᠠ ᠶᠢ ᠪᠡᠶᠡᠯᠡᠭᠦᠯᠪᠡ᠃ ᠪᠣᠯᠪᠠᠰᠤᠷᠠᠯ ᠤᠨ ᠲᠠᠯᠠᠪᠠᠢ ᠳᠤ᠂ ᠪᠣᠯᠪᠠᠰᠤᠷᠠᠯ ᠳᠤ ᠣᠷᠣᠯᠴᠠᠭᠰᠠᠨ ᠡᠷᠦᠬᠡ ᠶᠢᠨ ᠴᠡᠷᠢᠭ ᠬᠠᠯᠠᠭᠤᠨ ᠨᠡᠷᠡᠨ ᠤ ᠡᠮᠦᠨ᠎ᠡ᠂ ︽ᠨᠢᠭᠡ ᠳᠤ ᠬᠦᠴᠢᠷ ᠠᠴᠠ ᠠᠶᠤᠬᠤ ᠦᠭᠡᠢ᠂ ᠬᠤᠶᠠᠷ ᠲᠤ ᠶᠠᠳᠠᠷᠠᠬᠤ ᠠᠴᠠ ᠠᠶᠤᠬᠤ ᠦᠭᠡᠢ︾᠂ ︽ᠬᠡᠨ ᠪᠠᠭᠠᠲᠤᠷ ᠪᠣᠯ ᠬᠡᠨ ᠰᠠᠶᠢᠬᠠᠨ ᠭᠡᠳᠡᠭ ᠢ ᠪᠣᠯᠪᠠᠰᠤᠷᠠᠯ ᠤᠨ ᠲᠠᠯᠠᠪᠠᠢ ᠳᠤ ᠠᠳᠠᠯᠢᠳᠬᠠᠨ ᠦᠵᠡᠬᠦ︾ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠴᠢ ᠪᠤᠯᠢᠶᠠᠯᠳᠤᠨ ᠲᠡᠮᠡᠴᠡᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠣᠷᠭᠢᠯᠤᠮ᠎ᠠ ᠬᠠᠯᠠᠭᠤᠨ ᠲᠡᠮᠡᠴᠡᠯ ᠤᠨ ᠵᠣᠷᠢᠭ ᠢᠶᠠᠷ ᠪᠣᠯᠪᠠᠰᠤᠷᠠᠯ ᠳᠤ ᠣᠷᠣᠯᠴᠠᠵᠤ᠂ ᠮᠠᠨ ᠤ ᠰᠢᠶᠠᠨ ᠤ ᠡᠷᠦᠬᠡ ᠶᠢᠨ ᠴᠡᠷᠢᠭ ᠤᠨ ᠴᠤᠭ ᠵᠢᠪᠬᠤᠭ᠎ᠠ ᠶᠢ ᠢᠯᠡᠷᠡᠭᠦᠯᠪᠡ᠃      ᠰᠤᠷᠭᠠᠭᠤᠯᠢᠯᠠᠯ ᠤᠨ ᠳᠤᠮᠳᠠ᠂ ᠨᠠᠮ ᠤᠨ ᠵᠣᠬᠢᠶᠠᠨ ᠪᠠᠶᠢᠭᠤᠯᠤᠯᠲᠠ ᠶᠢ ᠤᠷᠢᠳᠴᠢᠯᠠᠨ ᠪᠠᠶᠢᠭᠤᠯᠬᠤ ᠪᠠ ᠨᠠᠮ ᠤᠨ ᠭᠡᠰᠢᠭᠦᠨ ᠤ ᠭᠤᠣᠯᠯᠠᠭᠴᠢ ᠬᠦᠴᠦᠨ ᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠲᠡᠷᠢᠭᠦᠨ ᠤ  ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠥᠷᠨᠢᠭᠦᠯᠪᠡ᠃ ᠤᠯᠠᠭᠠᠨᠮᠥ᠋ᠴᠢᠷ ᠤᠨ ᠡᠷᠦᠭᠡ ᠶᠢᠨ ᠴᠡᠷᠢᠭ ᠢ ᠵᠣᠬᠢᠶᠠᠨ ᠪᠠᠶᠢᠭᠤᠯᠵᠤ ᠳᠤᠮᠳᠠᠳᠤ ᠤᠯᠤᠰ ᠤᠨ ᠡᠷᠦᠭᠡ ᠶᠢᠨ ᠴᠡᠷᠢᠭ ᠤᠨ ᠳᠠᠭᠤᠤ᠂ ᠲᠣᠭᠯᠠᠯᠲᠠ ᠶᠢ ᠵᠢᠭᠠᠨ ᠳᠠᠭᠤᠯᠠᠭᠤᠯᠵᠤ᠂ ᠪᠣᠯᠪᠠᠰᠤᠷᠠᠯ ᠳᠤ ᠣᠷᠤᠯᠴᠠᠬᠤ ᠡᠷᠦᠭᠡ ᠶᠢᠨ ᠴᠡᠷᠢᠭ ᠢ ᠵᠣᠬᠢᠶᠠᠨ ᠪᠠᠶᠢᠭᠤᠯᠵᠤ ᠪᠠᠭ᠎ᠠ ᠲᠣᠭᠯᠠᠯᠲᠠ᠂ ᠪᠠᠭ᠎ᠠ ᠲᠣᠭᠯᠠᠭᠠᠮ᠂ ᠪᠠᠭ᠎ᠠ ᠦᠨᠡᠯᠡᠯᠲᠡ᠂ ︽ᠪᠢ ᠬᠡᠳᠦᠨ ᠪᠠᠭ᠎ᠠ ᠰᠠᠨᠠᠭᠤᠯᠭ᠎ᠠ ᠳᠤᠷᠠᠳᠤᠶ᠎ᠠ︾ ᠭᠡᠬᠦ ᠠᠵᠢᠯᠯᠠᠭ᠎ᠠ ᠶᠢ ᠥᠷᠨᠢᠭᠦᠯᠵᠦ᠂ ᠪᠣᠯᠪᠠᠰᠤᠷᠠᠯ ᠤᠨ ᠠᠭᠤᠷ ᠠᠮᠢᠰᠬᠤᠯ ᠢ ᠬᠥᠭᠵᠢᠭᠡᠵᠦ᠂ ᠪᠣᠯᠪᠠᠰᠤᠷᠠᠯ ᠤᠨ ᠤᠷᠮ᠎ᠠ ᠵᠣᠷᠢᠭ ᠢ ᠬᠥᠭᠵᠢᠭᠡᠵᠡᠢ᠃      ᠰᠤᠷᠭᠠᠭᠤᠯᠢᠯᠠᠯ ᠢᠶᠠᠷ ᠳᠠᠮᠵᠢᠭᠤᠯᠤᠨ᠂ ᠥᠷᠭᠡᠨ ᠣᠯᠠᠨ ᠡᠷᠦᠬᠡ ᠶᠢᠨ ᠴᠡᠷᠢᠭ ᠲᠤ ᠰᠢᠨ᠎ᠡ ᠪᠠᠶᠢᠳᠠᠯ ᠤᠨ ᠳᠣᠣᠷᠠᠬᠢ ᠡᠷᠦᠬᠡ ᠶᠢᠨ ᠴᠡᠷᠢᠭ ᠤᠨ ᠪᠠᠶᠢᠷᠢ ᠰᠠᠭᠤᠷᠢ᠂ ᠦᠢᠯᠡᠳᠦᠯ ᠪᠠ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠠᠨᠢᠭᠤᠯᠬᠤ ᠶᠢᠨ ᠲᠥᠯᠥᠭᠡ ᠶᠤᠮ᠃ ᠲᠡᠳᠡᠨ ᠤ ᠰᠢᠨ᠎ᠡ ᠴᠠᠭ ᠦᠶ᠎ᠡ ᠶᠢᠨ ᠡᠷᠦᠬᠡ ᠶᠢᠨ ᠴᠡᠷᠢᠭ ᠪᠣᠯᠤᠭᠰᠠᠨ ᠤ ᠬᠤᠪᠢ ᠳᠤ ᠣᠮᠤᠭ ᠪᠠᠭ᠋ᠠᠳᠤᠯᠲᠤ ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠶᠢ ᠬᠥᠭᠵᠢᠭᠡᠵᠦ᠂ ᠢᠯᠠᠯᠲᠠ ᠣᠯᠬᠤ ᠳᠤ ᠰᠠᠭᠤᠷᠢᠯᠠᠵᠤ᠂ ᠰᠢᠷᠭᠠᠭᠤ ᠬᠠᠲᠠᠭᠤᠵᠢᠯᠲᠠᠢ ᠪᠣᠯᠪᠠᠰᠤᠷᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠴᠡᠷᠢᠭ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠮᠠᠨᠳᠤᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1