ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠮᠠᠨ ᠤ ᠰᠢᠶᠠᠨ ᠳᠤ ᠢᠷᠡᠵᠦ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠲᠤᠬᠠᠢ ᠲᠤᠰᠬᠠᠢ ᠪᠠᠶᠢᠴᠠᠭᠠᠨ ᠰᠤᠳᠤᠯᠤᠯᠲᠠ ᠬᠢᠵᠡᠢ
ᠨᠡᠶᠢᠲᠡᠯᠡᠭᠰᠡᠨ ᠴᠠᠭ᠄
2022/5/27
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠯᠢ ᠭᠠᠩ ᠪᠦᠯᠬᠦᠮ ᠳᠠᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠢᠶᠠᠷ ᠪᠦᠷᠢᠯᠳᠦᠭᠰᠡᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ᠢᠷᠡᠵᠦ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠲᠤᠬᠠᠢ ᠲᠤᠰᠬᠠᠢ ᠪᠠᠶᠢᠴᠠᠭᠠᠨ ᠰᠤᠳᠤᠯᠤᠯᠲᠠ ᠬᠢᠵᠡᠢ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠠᠩ ᠵᠢᠩ ᠮᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠪᠠᠶᠢᠴᠠᠭᠠᠨ ᠰᠤᠳᠤᠯᠤᠯᠲᠠ ᠬᠢᠬᠦ ᠶᠠᠷᠢᠯᠴᠠᠬᠤ ᠬᠤᠷᠠᠯ   ᠢ ᠡᠷᠭᠢᠯᠡᠪᠡ᠃ ᠰᠢᠶᠠᠨ ᠤ ᠤᠳᠤᠷᠢᠳᠤᠯᠭ᠎ᠠ ᠰᠦᠨ ᠬᠠᠢ ᠱᠧᠩ᠂ ᠦ᠋ ᠹᠦ᠋ ᠵᠦᠩ᠂ ᠶᠠᠩ ᠶᠢᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ 10 ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠠᠶᠢᠴᠠᠭᠠᠨ ᠰᠤᠳᠤᠯᠤᠯᠲᠠ ᠬᠢᠬᠦ ᠶᠠᠷᠢᠯᠴᠠᠬᠤ ᠬᠤᠷᠠᠯ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠵᠠᠷᠤᠳᠠᠯ ᠤᠨ ᠪᠠᠲᠤᠯᠠᠭ᠎ᠠ᠂ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ︽ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠳᠥᠭᠦᠮᠴᠢᠯᠡᠨ᠎ᠡ︶ ᠳᠤ ᠴᠢᠭᠯᠡᠭᠦᠯᠦᠨ ᠰᠠᠨᠠᠯ ᠰᠠᠨᠠᠭᠤᠯᠭ᠎ᠠ ᠬᠤᠷᠢᠶᠠᠪᠠ᠃      ᠯᠢ ᠭᠠᠩ ᠢᠯᠡᠷᠬᠡᠶᠢᠯᠡᠬᠦ ᠳᠡᠭᠡᠨ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠰᠢᠰᠲ᠋ᠧᠮ ᠲᠠᠢ ᠰᠡᠳᠬᠢᠬᠦᠢ ᠶᠢ ᠪᠠᠷᠢᠮᠲᠠᠯᠠᠵᠤ᠂ ︽ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠨᠠᠩ ᠣᠯᠠᠨ ᠲᠦᠮᠡᠨ ᠲᠠᠢ ᠣᠶᠢᠷᠠᠲᠤᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢᠨ ᠲᠠᠯ᠎ᠠ ᠪᠠᠷ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠢ ᠡᠪᠳᠡᠵᠦ᠂ ︽ᠠᠷᠭ᠎ᠠ︾ ᠶᠢ ᠣᠷᠣᠨ ᠤ ᠪᠠᠶᠢᠳᠠᠯ ᠤᠨ ᠪᠣᠳᠠᠲᠤ ᠪᠠᠶᠢᠳᠠᠯ ᠳᠤ ᠨᠠᠩ ᠢᠯᠡᠭᠦᠦ ᠨᠡᠶᠢᠴᠡᠭᠦᠯᠵᠦ᠂ ᠨᠠᠩ ᠪᠣᠳᠠᠲᠠᠢ ᠦᠷ᠎ᠡ ᠪᠦᠲᠦᠮᠵᠢ ᠲᠠᠢ ᠪᠣᠯᠭᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠮᠳᠠᠬᠢ ᠠᠰᠠᠭᠤᠳᠠᠯ ᠢ ᠨᠠᠩ ᠰᠠᠶᠢᠲᠤᠷ ᠰᠢᠢᠳᠪᠦᠷᠢᠯᠡᠬᠦ ᠶᠢ ᠲᠦᠯᠬᠢᠨ ᠠᠬᠢᠭᠤᠯᠬᠤ ᠬᠡᠷᠡᠭᠲᠡᠢ︔ ᠰᠤᠳᠠᠯ ᠤᠨ ᠯᠤᠭᠰᠢᠯᠲᠠ ᠶᠢ ᠣᠨᠣᠪᠴᠢᠲᠠᠢ ᠡᠵᠡᠮᠳᠡᠵᠦ᠂ ᠬᠡᠮ ᠰᠣᠭᠤᠭ ᠢ ᠣᠨᠣᠪᠴᠢᠲᠠᠢ ᠡᠷᠢᠵᠦ᠂ ᠵᠢᠷᠤᠮᠵᠢᠯ ᠲᠠᠢ ᠠᠵᠢᠯᠯᠠᠬᠤ ᠶᠢ ᠪᠠᠷᠢᠮᠲᠠᠯᠠᠵᠤ᠂ ︽ᠠᠷᠭ᠎ᠠ︾ ᠶᠢ ᠨᠡᠩ ᠰᠢᠨ᠎ᠡ ᠪᠠᠷ ᠪᠠᠷᠠᠬᠤ ᠦᠭᠡᠢ ᠪᠠᠰᠠ ᠨᠡᠩ ᠪᠣᠳᠠᠲᠠᠢ ᠪᠠᠷ ᠬᠢᠵᠦ ᠂ ᠨᠡᠩ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ︔ ᠲᠣᠭᠲᠠᠴᠠ ᠶᠢᠨ ᠲᠠᠯ᠎ᠠ ᠠᠴᠠ ᠰᠢᠰᠲ᠋ᠧᠮ ᠲᠠᠢ ᠠᠬᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1