ᠰᠢ ᠶᠢᠨ ᠫᠢᠩ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠪᠠᠭᠠᠲᠤᠷ ᠵᠢᠱᠢᠶᠡᠴᠢ ᠭᠠᠪᠢᠶ᠎ᠠ ᠪᠠᠶᠢᠭᠤᠯᠤᠭᠰᠠᠨ ᠬᠠᠮᠲᠤ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠲᠥᠯᠥᠭᠡᠯᠡᠭᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2022/5/27
      ᠰᠢ ᠶᠢᠨ ᠫᠢᠩ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠪᠠᠭᠠᠲᠤᠷ ᠵᠢᠱᠢᠶᠡᠴᠢ ᠭᠠᠪᠢᠶ᠎ᠠ ᠪᠠᠶᠢᠭᠤᠯᠤᠭᠰᠠᠨ ᠬᠠᠮᠲᠤ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠲᠥᠯᠥᠭᠡᠯᠡᠭᠴᠢᠳ ᠲᠠᠢ ᠠᠭᠤᠯᠵᠠᠪᠠ ᠯᠢ ᠺᠧ ᠴᠢᠶᠠᠩ ᠸᠠᠩ ᠬᠤ᠋ ᠨᠢᠩ ᠠᠭᠤᠯᠵᠠᠯᠲᠠ ᠳᠤ ᠣᠷᠣᠯᠴᠠᠵᠠᠢ      ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 25 ᠤ ᠴᠠᠬᠢᠯᠭᠠᠨ ᠮᠡᠳᠡᠭᠡ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠪᠠᠭᠠᠲᠤᠷ ᠵᠢᠱᠢᠶᠡᠴᠢ ᠭᠠᠪᠢᠶ᠎ᠠ ᠪᠠᠶᠢᠭᠤᠯᠤᠭᠰᠠᠨ ᠬᠠᠮᠲᠤ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ 25 ᠤ ᠦᠳᠡ ᠶᠢᠨ ᠡᠮᠦᠨ᠎ᠡ ᠪᠡᠭᠡᠵᠢᠩ ᠳᠤ ᠬᠤᠷᠠᠯᠳᠤᠪᠠ᠃      ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠡᠳᠡᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠭᠡᠵᠦ᠂ ᠪᠦᠬᠦ ᠤᠯᠤᠰ ᠤᠨ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠲᠤᠰᠠᠯᠠᠭᠴᠢ ᠴᠠᠭᠳᠠᠭ᠎ᠠ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠸᠠᠩ ᠬᠤ᠋ ᠨᠢᠩ ᠠᠭᠤᠯᠵᠠᠯᠲᠠ ᠳᠤ ᠣᠷᠣᠯᠴᠠᠪᠠ᠃
     ᠦᠳᠡ ᠶᠢᠨ ᠡᠮᠦᠨᠡᠬᠢ 10 ᠴᠠᠭ 30 ᠮᠢᠨᠦ᠋ᠲ ᠲᠤ᠂ ᠰᠢ ᠶᠢᠨ ᠫᠢᠩ ᠨᠡᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠲᠢᠩᠬᠢᠮ ᠳᠤ ᠬᠦᠷᠴᠦ ᠢᠷᠡᠬᠦ ᠳᠤ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ᠃ ᠰᠢ ᠶᠢᠨ ᠫᠢᠩ ᠨᠡᠷ ᠲᠥᠯᠥᠭᠡᠯᠡᠭᠴᠢᠳ ᠲᠠᠢ ᠭᠠᠷ ᠳᠠᠯᠠᠯᠤᠨ ᠮᠡᠨᠳᠦᠴᠢᠯᠡᠵᠦ᠂ ᠤᠯᠠᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠬᠠᠮᠲᠤ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃  
     ᠭᠦᠸᠧ ᠱᠧᠩ ᠺᠦᠨ ᠠᠭᠤᠯᠵᠠᠯᠲᠠ ᠳᠤ ᠣᠷᠣᠯᠴᠠᠭᠰᠠᠨ ᠪᠥᠭᠡᠳ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠲᠡᠷᠡ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠶ᠋ᠳᠪᠦᠷᠢᠯᠡᠬᠦ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾  ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ᠂ ᠠᠷᠠᠳ ᠲᠦᠮᠡᠨ ᠳᠤ ᠦᠶ᠋ᠯᠡᠴᠢᠯᠡᠬᠦ᠂ ᠲᠦᠪ ᠭᠤᠤᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶᠢᠬᠤ ᠶᠡᠷᠦᠩᠬᠡᠶ ᠱᠠᠭᠠᠷᠳᠠᠯᠭ᠎ᠠ ᠶᠢ ᠦᠨᠡᠨᠴᠢ ᠪᠠᠷ ᠦᠢᠯᠡᠳᠦᠯᠭᠡᠵᠢᠭᠦᠯᠵᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠶ᠋ᠯ ᠤᠨ ᠠᠵᠢᠯ ᠢ ᠪᠦᠬᠦ ᠬᠦᠴᠦ ᠪᠠᠷ ᠢᠶᠠᠨ ᠰᠠᠶᠢᠳᠤᠷ ᠬᠢᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃      ᠬᠤᠷᠠᠯ ᠳᠡᠭᠡᠷ᠎ᠡ ᠪᠥᠬᠦ ᠤᠯᠤᠰ ᠤᠨ ᠵᠢᠱᠢᠶᠡᠴᠢ ᠳᠣᠲᠣᠭᠠᠳᠤ ᠶᠢ ᠬᠠᠮᠠᠭᠠᠯᠠᠬᠤ ᠨᠢᠭᠡᠴᠢ ᠶᠢ ᠬᠥᠬᠢᠭᠦᠯᠦᠨ ᠰᠠᠶᠢᠰᠢᠶᠠᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ᠂ ᠪᠦᠬᠦ ᠤᠯᠤᠰ ᠤᠨ ᠤᠨᠴᠠ ᠳᠡᠰ ᠤᠨ ᠰᠢᠯᠢᠳᠡᠭ ᠠᠷᠠᠳ ᠤᠨ ᠴᠠᠭᠳᠠᠭ᠎ᠠ ᠶᠢ ᠬᠦᠬᠢᠭᠦᠯᠦᠨ ᠰᠠᠶᠢᠰᠢᠶᠠᠬᠤ ᠲᠤᠬᠠᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠲᠣᠭᠲᠠᠭᠠᠯ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠰᠢᠯᠢᠳᠡᠭ ᠨᠢᠭᠡᠴᠢ ᠰᠢᠯᠢᠳᠡᠭ ᠠᠷᠠᠳ ᠤᠨ ᠴᠠᠭᠳᠠᠭ᠎ᠠ ᠪᠠ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠢᠶᠠᠨ ᠬᠠᠶᠢᠷᠠᠯᠠᠭᠰᠠᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ ᠲᠤᠬᠠᠶ ᠳᠤᠳᠤᠭᠠᠳᠤ ᠶᠢ ᠬᠠᠮᠠᠭᠠᠯᠠᠬᠤ ᠶᠠᠮᠤᠨ ᠤ ᠵᠠᠷᠯᠢᠭ ᠢ ᠵᠠᠷᠯᠠᠨ ᠤᠩᠰᠢᠭᠰᠠᠨ ᠪᠥᠭᠡᠳ ᠱᠠᠩᠨᠠᠬᠳᠠᠬᠰᠠᠨ ᠬᠠᠮᠲᠤ ᠪᠠ ᠬᠤᠪᠢ ᠬᠥᠮᠦᠨ ᠤ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃      ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ 982 ᠲᠡᠷᠢᠭᠦᠨ ᠤ ᠨᠢᠭᠡᠴᠢ᠂ 1485 ᠲᠡᠷᠢᠭᠦᠨ ᠤ ᠬᠤᠪᠢ ᠬᠥᠮᠦᠨ ᠬᠥᠬᠢᠭᠦᠯᠦᠨ ᠰᠠᠶᠢᠰᠢᠶᠠᠭᠳᠠᠪᠠ᠃ ᠪᠥᠬᠦ ᠤᠯᠤᠰ ᠤᠨ ᠵᠢᠱᠢᠶᠡᠴᠢ ᠳᠣᠲᠣᠭᠠᠳᠤ ᠶᠢ ᠬᠠᠮᠠᠭᠠᠯᠠᠬᠤ ᠨᠢᠭᠡᠴᠢ ᠶᠢᠨ ᠲᠥᠯᠥᠭᠡᠯᠡᠭᠴᠢ᠂ ᠪᠡᠭᠡᠵᠢᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠹᠠᠩ ᠱᠠᠨ ᠤ ᠬᠤᠪᠢᠶᠠᠷᠢ ᠲᠣᠪᠴᠢᠶ᠎ᠠ ᠶᠢᠨ ᠪᠡᠭᠡᠵᠢᠩ ᠰᠢᠶᠠᠩᠭᠠᠩ ᠣᠣᠮᠧᠨ ᠤ ᠲᠦᠷᠭᠡᠨ ᠤ ᠵᠠᠰᠠᠮᠠᠯ ᠵᠠᠮ ᠤᠨ ᠳ᠋ᠧᠦ ᠳ᠋ᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠥᠷᠲᠡᠭᠡ ᠶᠢᠨ ᠳᠠᠷᠤᠭ᠎ᠠ ᠵᠠᠩ ᠺᠦ᠋᠂ ᠪᠥᠬᠦ ᠤᠯᠤᠰ ᠤᠨ ᠣᠨᠴᠠ ᠲᠠᠰ ᠤᠨ ᠰᠢᠯᠢᠳᠡᠭ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢ᠂ ᠹᠦᠵᠢᠶᠠᠨ ᠮᠤᠵᠢ ᠶᠢᠨ ᠹᠦᠵᠧᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠠᠩᠨᠠᠨ ᠪᠠᠶᠢᠴᠠᠭᠠᠬᠤ ᠰᠠᠯᠪᠤᠷᠢ ᠠᠩᠭᠢ ᠶᠢᠨ ᠵᠢᠷᠭᠤᠳᠤᠭᠠᠷ ᠶᠡᠭᠡ ᠠᠩᠭᠢ ᠶᠢᠨ ᠳᠠᠷᠤᠭ᠎ᠠ ᠭᠤᠤ ᠵᠠᠨ ᠶᠡᠭᠡ ᠬᠤᠷᠠᠯ ᠳᠡᠭᠡᠷ᠎ᠡ ᠦᠭᠡ ᠬᠡᠯᠡᠪᠡ᠃      ᠳ᠋ᠢᠩ ᠰᠢᠤᠸᠠᠢ ᠰᠢᠶᠠᠩ᠂ ᠴᠧᠨ ᠰᠢ᠂ ᠰᠢᠶᠤᠤ ᠵᠢᠶᠧ ᠠᠭᠤᠯᠵᠠᠯᠲᠠ ᠳᠤ ᠣᠷᠣᠯᠴᠠᠵᠤ᠂ ᠵᠤᠤ ᠺᠧ ᡁᠢ ᠠᠭᠤᠯᠵᠠᠯᠲᠠ ᠳᠤ ᠣᠷᠣᠯᠴᠠᠭᠰᠠᠨ ᠪᠥᠭᠡᠳ ᠶᠡᠭᠡ ᠬᠤᠷᠠᠯ ᠢ ᠡᠷᠬᠢᠯᠡᠪᠡ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1