ᠲᠣᠰᠬᠤᠨ ᠤ ᠠᠷᠠᠳ ᠤᠳ ᠲᠡᠭᠰᠢᠯᠡᠭᠰᠡᠨ ᠰᠢᠬᠢᠷ ᠤᠨ ᠯᠤᠤᠪᠠᠩ ᠤᠨ ᠴᠢᠬᠢ ᠶᠢ ᠲᠠᠷᠢᠶᠠᠨ ᠳᠤ ᠬᠦᠷᠭᠡᠵᠦ | ᠪᠠᠶᠢᠭ᠎ᠠ ᠨᠢ ᠦᠯᠢᠭᠦᠨ ᠰᠡᠭᠦᠳᠡᠷᠯᠡᠪᠡ | ᠠᠷᠠᠳ ᠤᠨ ᠰᠦᠯᠵᠢᠶᠡᠨ ᠤ ᠬᠥᠬᠡᠬᠤᠲᠠ ᠶᠢᠨ 5 ᠳ᠋ᠤᠭᠠᠷ ᠰᠠᠷ᠎ᠠ ᠶᠢᠨ 28 ᠤ ᠡᠳᠦᠷ ᠤᠨ ᠮᠡᠳᠡᠭᠡ ᠵᠤᠨ ᠤ | ᠡᠬᠢ ᠪᠠᠷ ᠬᠥᠬᠡᠬᠤᠲᠠ ᠶᠢᠨ ᠲᠣᠭᠲᠠᠬᠤ ᠰᠢᠶᠠᠨ ᠤ ᠢᠳᠡᠰᠢᠨ ᠨᠣᠭᠤᠭ᠎ᠠ ᠶᠢᠨ ᠬᠦᠯᠡᠮᠵᠢ ᠳᠤ ᠲᠣᠰᠬᠤᠨ ᠤ ᠠᠷᠠᠳ | ᠰᠢᠬᠢᠷ ᠯᠤᠤᠪᠠᠩ ᠤᠨ ᠴᠢᠬᠢ ᠶᠢ ᠱᠠᠯᠠᠪᠳᠠᠨ ᠵᠠᠶᠢᠯᠠᠵᠤ ᠪᠠᠶᠢᠭ᠎ᠠ ᠨᠢ᠃ | ᠲᠣᠰᠬᠤᠨ ᠤ ᠠᠷᠠᠳ ᠠᠵᠢᠯ ᠬᠤᠪᠢᠶᠠᠷᠢᠯᠠᠨ ᠬᠠᠮᠲᠤᠷᠠᠯᠴᠠᠵᠤ᠂ ᠰᠢᠬᠢᠷ ᠯᠤᠤᠪᠠᠩ ᠤᠨ ᠴᠢᠬᠢ ᠶᠢ | ᠬᠥᠷᠥᠰᠥᠨ ᠳᠤ ᠰᠠᠭᠤᠯᠭᠠᠬᠤ᠂ ᠪᠣᠭᠤᠳᠠᠯᠯᠠᠬᠤ᠂ ᠲᠡᠷᠭᠡᠨ ᠳᠤ ᠰᠠᠭᠤᠯᠭᠠᠬᠤ᠂ ᠦᠷ᠎ᠡ ᠰᠠᠭᠤᠯᠭᠠᠬᠤ᠂ ᠤᠰᠤᠯᠠᠬᠤ᠁ | ᠬᠠᠷᠠᠵᠤ ᠬᠠᠷᠠᠬᠤᠶ᠎ᠠ᠂ ᠰᠠᠶ᠋ᠢᠬᠠᠨ ᠰᠢᠯᠵᠢᠭᠦᠯᠦᠨ ᠰᠠᠭᠤᠯᠭᠠᠭᠰᠠᠨ ᠰᠢᠬᠢᠷ ᠯᠤᠤᠪᠠᠩ ᠤᠨ ᠴᠢᠬᠢ ᠶᠢ ᠲᠠᠷᠢᠶᠠᠨ | ᠳᠤᠮᠳᠠ ᠲᠡᠷᠢ ᠲᠡᠭᠰᠢ ᠵᠢᠭᠰᠠᠭᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ | ᠲᠠᠷᠢᠶᠠᠯᠠᠩ ᠤᠨ ᠬᠦᠷᠢᠶᠡᠯᠡᠩ ᠤᠨ ᠠᠵᠢᠯᠲᠠᠳ ᠶᠠᠭ ᠰᠠᠶᠢᠬᠠᠨ ᠢᠳᠡᠰᠢᠨ ᠨᠣᠭᠤᠭ᠎ᠠ ᠶᠢ ᠰᠢᠷᠣᠢ ᠦᠭᠡᠢ ᠪᠠᠷ | ᠳᠠᠷᠢᠵᠤ ᠪᠠᠶᠢᠭ᠎ᠠ ᠨᠢ ᠦᠯᠢᠭᠦᠨ ᠰᠡᠭᠦᠳᠡᠷᠯᠡᠪᠡ | ᠣᠶᠢᠯᠠᠭᠠᠭᠰᠠᠨ ᠢᠶᠠᠷ᠂ ᠰᠢᠶᠠᠨ ᠤ ᠬᠡᠪᠴᠢᠶᠡᠨ ᠳᠠᠬᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠵᠢᠴᠢ ᠣᠨᠴᠠᠯᠢᠭᠲᠤ ᠠᠵᠤ ᠦᠶᠢᠯᠡᠰᠵᠢᠯᠲᠡ ᠶᠢᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠠᠪᠴᠠᠩ ᠢ ᠪᠠᠶᠢᠭᠤᠯᠬᠤ ᠶᠢᠨ ᠲᠥᠯᠥᠭᠡ᠂ | ᠲᠣᠭᠲᠠᠬᠤ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ ᠢ ᠰᠣᠩᠭᠤᠨ ᠬᠥᠳᠡᠭᠡ ᠪᠠᠭᠤᠯᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠨᠢᠭᠡᠳᠦᠭᠡᠷ | ᠹᠷᠣᠨᠲ ᠲᠤ ᠭᠦᠨᠵᠡᠭᠡᠶᠢᠷᠡᠭᠦᠯᠦᠨ᠂ ᠲᠠᠷᠢᠶᠠᠴᠢᠳ ᠤᠨ ᠳᠡᠷᠭᠡᠳᠡ ᠬᠦᠷᠭᠡᠵᠦ᠂ ᠪᠡᠯᠡ ᠮᠥᠩᠭᠦ᠂ ᠲᠧᠭᠨᠢᠭ ᠮᠡᠷᠭᠡᠵᠢᠯ᠂ | ᠲᠡᠷᠢᠭᠦᠨ ᠤ ᠦᠢᠯᠡᠳᠪᠦᠷᠢᠯᠡᠯ ᠤᠨ ᠡᠯᠧᠮᠧᠨ᠋ᠲ᠂ ᠡᠵᠡᠩᠨᠡᠯᠲᠡ ᠶᠢᠨ ᠣᠶᠢᠯᠠᠭᠠᠭᠳᠠᠬᠤᠨ᠂ ᠬᠠᠮᠢᠶᠠᠷᠤᠯᠲᠠ ᠶᠢᠨ ᠠᠷᠭ᠎ᠠ | ᠮᠠᠶ᠋ᠢᠭ ᠢ ᠬᠥᠳᠡᠭᠡ ᠲᠣᠰᠬᠤᠨ ᠳᠤ ᠣᠷᠣᠭᠤᠯᠵᠤ᠂ ᠠᠵᠢᠯᠯᠠᠬᠤ ᠠᠷᠭ᠎ᠠ ᠮᠠᠶ᠋ᠢᠭ ᠪᠠ ᠠᠷᠭ᠎ᠠ ᠶᠢᠨ ᠲᠠᠯ᠎ᠠ ᠪᠠᠷ | ᠰᠢᠨ᠎ᠡ ᠶᠢ ᠡᠭᠦᠳᠴᠦ᠂ ᠥᠷᠭᠡᠨ ᠤᠯᠠᠨ ᠲᠠᠷᠢᠶᠠᠴᠢᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ | ᠣᠶᠢᠯᠠᠭᠠᠭᠳᠠᠬᠤᠨ ᠢ ᠨᠢ ᠬᠤᠪᠢᠷᠠᠭᠤᠯᠵᠤ᠂ ᠤᠯᠠᠮᠵᠢᠯᠠᠯᠲᠤ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ | ᠬᠤᠪᠢᠷᠠᠭᠤᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠶᠢ ᠪᠡᠶᠡᠯᠡᠭᠦᠯᠪᠡ᠃ | ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠰᠠᠶᠢᠨ ᠪᠣᠶᠢᠵᠢᠭᠤᠯᠤᠭᠰᠠᠨ ᠴᠢᠬᠢ ᠶᠢ | ᠳᠡᠯᠭᠡᠨ ᠦᠵᠡᠭᠦᠯᠵᠦ ᠪᠠᠶᠢᠭ᠎ᠠ ᠨᠢ ᠦᠯᠢᠭᠦᠨ ᠰᠡᠭᠦᠳᠡᠷᠯᠡᠪᠡ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠳᠡᠭᠡ ᠠᠵᠤ ᠠᠬᠤᠢ ᠶᠢᠨ | ᠦᠢᠯᠡᠳᠪᠦᠷᠢᠯᠡᠯ ᠳᠤ ᠦᠵᠡᠭᠦᠯᠦᠭᠰᠡᠨ ᠲᠤᠯᠭᠠᠭᠤᠷᠢᠯᠠᠬᠤ ᠪᠠ ᠬᠥᠲᠥᠯᠥᠨ ᠳᠠᠭᠠᠭᠤᠯᠬᠤ ᠦᠢᠯᠡᠳᠦᠯ ᠨᠢ | ᠲᠠᠷᠢᠶᠠᠴᠢᠳ ᠤᠨ ᠡᠯ᠎ᠡ ᠵᠦᠢᠯ ᠤᠨ ᠠᠮᠤ ᠪᠤᠳᠠᠭᠠᠨ ᠤ ᠲᠠᠷᠢᠮᠠᠯ ᠪᠠ ᠠᠵᠤ ᠠᠬᠤᠢ ᠶᠢᠨ ᠲᠠᠷᠢᠮᠠᠯ ᠢ ᠲᠠᠷᠢᠬᠤ ᠳᠤ | ᠲᠤᠯᠭᠠᠷᠠᠭᠰᠠᠨ ᠦᠢᠯᠡᠳᠪᠦᠷᠢᠯᠡᠯ ᠤᠨ ᠮᠡᠷᠭᠡᠵᠢᠯ ᠤᠨ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠪᠠᠰᠠ ᠬᠥᠳᠡᠭᠡ | ᠲᠣᠰᠬᠤᠨ ᠤ ᠪᠣᠳᠠᠲᠠᠢ ᠣᠷᠴᠢᠨ ᠲᠣᠭᠤᠷᠢᠨ ᠤ ᠪᠠᠶᠢᠳᠠᠯ ᠲᠠᠢ ᠤᠶᠠᠯᠳᠤᠭᠤᠯᠵᠤ᠂ ᠣᠨᠴᠠᠯᠢᠭᠲᠤ ᠳᠠᠪᠠᠭᠤᠯᠢᠭ ᠠᠵᠤ | ᠦᠢᠯᠡᠰ ᠢ ᠬᠠᠪᠰᠤᠷᠤᠨ ᠪᠣᠶᠢᠵᠢᠭᠤᠯᠵᠤ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠢᠶᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠣᠯᠣᠨ᠎ᠠ᠃ |