ᠲᠣᠭᠲᠠᠬᠤ ᠰᠢᠶᠠᠨ ᠤ ︽ᠮᠥᠩᠭᠦᠨ ᠭᠦᠢᠯᠭᠡᠭᠡᠨ ᠤ ᠲᠣᠰᠬᠤᠨ ᠤ ᠲᠡᠳ᠋ ᠳᠠᠷᠤᠭ᠎ᠠ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠠᠯᠲᠠᠨ ᠳᠠᠮᠨᠠᠭᠤᠷ︾ ᠢ ᠡᠭᠦᠷᠭᠡᠯᠡᠪᠡ
ᠨᠡᠶᠢᠲᠡᠯᠡᠭᠰᠡᠨ ᠴᠠᠭ᠄
2022/5/29
      ᠲᠦᠷᠦᠭᠦᠬᠡᠨ᠂ ᠲᠣᠭᠲᠠᠬᠤ ᠰᠢᠶᠠᠨ ᠬᠢᠭᠡᠳ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠬᠥᠬᠡᠬᠤᠲᠠ ᠶᠢᠨ ᠬᠤᠪᠢᠶᠠᠷᠢ ᠪᠠᠩᠬᠢ ︽ᠮᠥᠩᠭᠦᠨ ᠭᠦᠢᠯᠭᠡᠭᠡᠨ ᠤ ᠲᠣᠰᠬᠤᠨ ᠤ ᠲᠡᠳ᠋ ᠳᠠᠷᠤᠭ᠎ᠠ︾ ᠶᠢ ᠤᠷᠢᠨ ᠲᠣᠮᠢᠯᠠᠬᠤ ᠶᠣᠰᠣᠯᠠᠯ ᠶᠠᠪᠤᠭᠤᠯᠵᠤ᠂  ᠦᠱᠸᠡᠨ ᠪᠠᠯᠭᠠᠰᠤᠨ ᠤ 23 ᠵᠠᠰᠠᠭ ᠵᠠᠬᠢᠷᠭᠠᠨ ᠤ ᠲᠣᠰᠬᠤᠨ ᠳᠤ ︽ᠮᠥᠩᠭᠦᠨ ᠭᠦᠢᠯᠭᠡᠭᠡᠨ ᠤ ᠲᠣᠰᠬᠤᠨ ᠤ ᠲᠡᠳ᠋ ᠳᠠᠷᠤᠭ᠎ᠠ︾ ᠶᠢ ᠤᠷᠢᠨ ᠲᠣᠮᠢᠯᠠᠪᠠ᠃ ᠳᠠᠷᠠᠭᠠᠴᠢ ᠶᠢᠨ ᠠᠯᠬᠤᠮ ᠳᠤ ᠪᠦᠬᠦ ᠰᠢᠶᠠᠨ ᠤ 120 ᠵᠠᠰᠠᠭ ᠵᠠᠬᠢᠷᠭᠠᠨ ᠤ ᠲᠣᠰᠬᠤᠨ ᠳᠤ ︽ᠮᠥᠩᠭᠦᠨ ᠭᠦᠢᠯᠭᠡᠭᠡᠨ ᠤ ᠲᠣᠰᠬᠤᠨ ᠤ ᠲᠡᠳ᠋ ᠳᠠᠷᠤᠭ᠎ᠠ︾ ᠶᠢ ᠪᠦᠬᠦᠨ ᠢ ᠪᠦᠷᠬᠦᠭᠦᠯᠦᠨ ᠤᠷᠢᠨ ᠲᠣᠮᠢᠯᠠᠬᠤ ᠶᠢ ᠪᠡᠶᠡᠯᠡᠭᠦᠯᠦᠨ᠎ᠡ᠂ ᠡᠭᠦᠨ ᠤ ᠵᠣᠷᠢᠯᠭ᠎ᠠ ᠨᠢ ︽ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ ᠬᠦᠷᠢᠶᠡᠨ ᠳᠠᠬᠢ ᠮᠥᠩᠭᠦᠨ ᠭᠦᠢᠯᠭᠡᠭᠡᠨ ᠤ ᠡᠬᠢ ᠪᠠᠶᠠᠯᠢᠭ ᠤᠨ ᠣᠷᠣᠭᠤᠯᠤᠯᠲᠠ ᠶᠢ ᠨᠡᠮᠡᠭᠳᠡᠭᠦᠯᠵᠦ᠂ ᠮᠥᠩᠭᠦᠨ ᠭᠦᠢᠯᠭᠡᠭᠡᠨ ᠤ ᠠᠮᠢᠵᠢᠷᠠᠯ ᠤᠨ ᠬᠦᠴᠦᠨ ᠢᠶᠠᠷ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠬᠦᠷᠢᠶ᠎ᠡ ᠶᠢ ᠨᠠᠷᠢᠯᠢᠭ ᠣᠨᠣᠴᠠᠲᠠᠢ ᠪᠠᠷ ᠤᠰᠤᠯᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠠᠷᠢᠶᠠᠨ ᠭᠠᠵᠠᠷ ᠲᠤ ᠠᠮᠵᠢᠯᠲᠠ ᠲᠠᠢ ᠪᠠᠷ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠦᠴᠦᠲᠦ ᠬᠥᠳᠡᠯᠭᠡᠭᠦᠷ ᠪᠣᠯᠭᠠᠬᠤ ᠶᠢᠨ ᠲᠥᠯᠥᠭᠡ ᠶᠤᠮ᠃ ᠡᠭᠦᠨ ᠤ ᠬᠠᠮᠲᠤ ︽ᠢᠦᠢ ᠨᠦᠩ ᠰᠤᠷᠭᠠᠭᠤᠯᠢ  ︾ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠮᠡᠳᠡᠯᠭᠡ᠂ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ᠂ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠨᠤᠲᠤᠭ ᠤᠨ ᠴᠢᠳᠠᠪᠤᠷᠢᠲᠠᠨ ᠢ ᠬᠠᠨᠳᠤᠯᠭᠠᠲᠤ ᠴᠢᠨᠠᠷᠲᠠᠢ ᠪᠠᠷ ᠬᠥᠮᠥᠵᠢᠭᠦᠯᠵᠦ᠂ ᠴᠢᠳᠠᠪᠤᠷᠢᠲᠠᠨ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠡᠷᠭᠡᠪᠡᠷ ᠠᠬᠢᠭᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1