ᠰᠢ ᠶᠢᠨ ᠫᠢᠩ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠤᠷᠠᠯ ᠤᠨ ᠲᠥᠯᠥᠭᠡᠯᠡᠭᠴᠢᠳ ᠲᠠᠢ ᠠᠭᠤᠯᠵᠠᠪᠠ ᠯᠢ ᠺᠧ ᠴᠢᠶᠠᠩ ᠸᠠᠩ ᠬᠤ᠋ ᠨᠢᠩ ᠬᠠᠨ ᠵᠧᠩ ᠠᠭᠤᠯᠵᠠᠯᠳᠠ ᠳᠤ ᠤᠷᠤᠯᠴ᠊
ᠨᠡᠶᠢᠲᠡᠯᠡᠭᠰᠡᠨ ᠴᠠᠭ᠄
2022/5/29
      ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 26 ᠤ ᠴᠠᠬᠢᠯᠭᠠᠨ ᠮᠡᠳᠡᠭᠡ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠤᠷᠠᠯ 25 ᠠᠴᠠ 26 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠳᠤ ᠬᠠᠯᠠᠭᠤᠨ ᠪᠠᠶᠠᠷ ᠬᠦᠷᠭᠡᠵᠦ᠂ ᠪᠦᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠰᠢᠰᠲ᠋ᠧᠮ ᠤᠨ ᠥᠷᠭᠡᠨ ᠤᠯᠠᠨ ᠺᠠᠳ᠋ᠷ ᠠᠵᠢᠯᠳᠠᠨ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠠᠭᠤᠯᠵᠠᠯᠲᠠ ᠳᠤ ᠣᠷᠣᠯᠴᠠᠪᠠ᠃      25 ᠤ ᠦᠳᠡ ᠶᠢᠨ ᠡᠮᠦᠨ᠎ᠡ᠂ ᠰᠢ ᠶᠢᠨ ᠫᠢᠩ ᠨᠡᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠬᠦᠷᠴᠦ ᠢᠷᠡᠬᠦ ᠳᠤ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ᠃      ᠰᠢ ᠶᠢᠨ ᠫᠢᠩ ᠨᠡᠷ ᠲᠥᠯᠥᠭᠡᠯᠡᠭᠴᠢᠳ ᠤᠨ ᠳᠤᠮᠳᠠ ᠬᠦᠷᠴᠦ᠂ ᠤᠯᠠᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃        ᠭᠦᠸᠧ ᠱᠧᠩ ᠺᠦᠨ ᠠᠭᠤᠯᠵᠠᠯᠲᠠ ᠳᠤ ᠣᠷᠣᠯᠴᠠᠭᠰᠠᠨ ᠪᠥᠭᠡᠳ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠲᠡᠷᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠠᠷᠠᠳ ᠤᠨ ᠬᠦᠴᠢᠷᠳᠡᠯ ᠢ ᠰᠢᠶ᠋ᠳᠪᠦᠷᠢᠯᠡᠬᠦ᠂ ᠨᠠᠮ ᠤᠨ ᠢᠶᠠᠨ ᠡᠮᠦᠨ᠎ᠠ ᠠᠴᠠ ᠬᠦᠴᠢᠷ ᠢ ᠰᠢᠢᠳᠪᠦᠷᠢᠯᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠳᠤ ᠴᠡᠭᠡᠵᠢᠯᠡᠵᠤ᠂ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠢ ᠭᠦᠨᠵᠡᠭᠡᠢ ᠬᠡᠷᠡᠭᠵᠢᠭᠦᠯᠵᠤ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠤ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠦᠶ᠋ᠯᠡᠴᠢᠯᠡᠬᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠠᠬᠢᠭᠤᠯᠬᠤ ᠳᠤ ᠨᠡᠩ ᠶᠡᠭᠡ ᠦᠢᠯᠡᠳᠦᠯ ᠥᠵᠡᠬᠦᠯᠬᠦ ᠬᠡᠷᠡᠭᠳᠠᠢ ᠭᠡᠵᠤ ᠵᠢᠭᠠᠵᠤ ᠭᠠᠷᠭᠠᠵᠠᠢ᠃      ᠬᠤᠷᠠᠯ ᠠᠴᠠ ᠪᠦᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ ᠬᠥᠬᠢᠭᠦᠯᠦᠭᠳᠡᠨ ᠰᠠᠶᠢᠰᠢᠶᠠᠭᠳᠠᠭᠰᠠᠨ ᠲᠥᠯᠥᠭᠡᠯᠡᠭᠴᠢ ᠵᠡᠷᠬᠡ ᠬᠦᠮᠦᠰ ᠦᠭᠡ ᠬᠡᠯᠡᠪᠡ᠃      ᠳ᠋ᠢᠩ ᠰᠢᠤᠸᠠᠢ ᠰᠢᠶᠠᠩ ᠠᠭᠤᠯᠵᠠᠯᠲᠠ ᠳᠤ ᠣᠷᠣᠯᠴᠠᠵᠤ᠂ ᠰᠢᠶᠤᠤ ᠵᠢᠶᠧ ᠠᠭᠤᠯᠵᠠᠯᠲᠠ ᠳᠤ ᠣᠷᠣᠯᠴᠠᠭᠰᠠᠨ ᠪᠥᠭᠡᠳ ᠬᠤᠷᠠᠯ ᠳᠡᠭᠡᠷ᠎ᠡ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1