ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠡᠴᠡ‌‍ᠰᠢᠭᠦᠬᠦ ᠬᠤᠷᠢᠶᠠᠨ ᠤ ︽ᠭᠦᠢᠴᠡᠳᠬᠡᠬᠦ ᠳᠤ ᠪᠡᠷᠬᠡᠲᠡᠢ︾ ᠪᠠᠶᠢᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2022/6/16
      6 ᠳ᠋ᠤᠭᠠᠷ ᠰᠠᠷ᠎ᠠ ᠶᠢᠨ 13 ᠤ ᠡᠳᠦᠷ᠂  ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠰᠢᠶᠠᠨ ᠤ ᠠᠷᠠᠳ ᠤᠨ ᠰᠢᠭᠦᠬᠦ ᠬᠤᠷᠢᠶᠠᠨ ᠤ ︽ᠭ᠊ ‍ᠦ᠋ᠢᠴᠡᠳᠬᠡᠬᠦ ᠳᠤ ᠪᠡᠷᠬᠡᠲᠡᠢ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵ᠊ ᠵᠳ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠭᠦᠢᠴᠡᠳᠬᠡᠬᠦ ᠲᠣᠪᠴᠢᠶ᠎ᠠ᠂ ᠭᠦᠢᠴᠡᠳᠬᠡᠬᠦ ᠶᠢ ᠵᠢᠯᠤᠭᠤᠳᠬᠤ ᠲᠥᠪ᠂ ᠬᠠᠤᠯᠢ ᠶᠢᠨ ᠴᠠᠭᠳᠠᠭ᠎ᠠ ᠶᠢᠨ ᠠᠩᠭᠢ ᠶᠢᠨ ᠵᠡᠪᠰᠡᠭ ᠲᠣᠨᠣᠭᠯᠠᠯ ᠤᠨ ᠲᠠᠰᠤᠭ᠂ ᠵᠠᠷᠭᠤ ᠶᠢᠨ ᠦᠢᠯᠡᠴᠢᠯᠡᠭᠡᠨ ᠤ ᠲᠥᠪ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠡᠷᠡᠭ ᠪᠣᠯᠭᠠᠨ ᠳᠠᠩᠰᠠᠯᠠᠬᠤ᠂ ᠵᠠᠭᠠᠯᠳᠤᠬᠤ ᠠᠴᠠ ᠡᠮᠦᠨ᠎ᠡ ᠡᠶᠡᠳᠡᠭᠦᠯᠬᠦ᠂ ︽ᠭᠦᠢᠴᠡᠳᠬᠡᠬᠦ ᠳᠤ ᠪᠡᠷᠬᠡᠲᠡᠢ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠣᠶᠢᠷ᠎ᠠ ᠶᠢᠨ ᠵᠢᠯ ᠤᠳ ᠲᠤ ᠰᠢᠭᠦᠬᠦ ᠬᠤᠷᠢᠶᠠᠨ ᠤ ︽ᠭᠦᠢᠴᠡᠳᠬᠡᠬᠦ ᠳᠤ ᠪᠡᠷᠬᠡᠲᠡᠢ︾ ᠪᠠᠶᠢᠬᠤ ᠠᠰᠠᠭᠤᠳᠠᠯ ᠢ ᠰᠢᠢᠳᠪᠦᠷᠢᠯᠡᠬᠦ᠂ ᠭᠦᠢᠴᠡᠳᠬᠡᠬᠦ ᠡᠩᠨᠡᠭᠡᠨ ᠤ ᠪᠠᠶᠢᠭᠤᠯᠤᠯᠲᠠ᠂ ᠭᠦᠢᠴᠡᠳᠬᠡᠬᠦ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠬᠤ ᠶᠢᠨ ᠬᠠᠮᠲᠤ ᠬᠤᠶᠢᠰᠢᠳᠠ ᠶᠢᠨ ᠠᠵᠢᠯ ᠳᠤ ᠱᠠᠭᠠᠷᠳᠠᠯᠭ᠎ᠠ ᠳᠤᠷᠠᠳᠴᠠᠢ᠄ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠶᠠᠷ ᠲᠤ᠂ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯ ᠤᠨ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠎ᠡ᠃ ᠭᠤᠷᠪᠠ ᠳᠤ᠂ ᠰᠡᠳᠬᠢᠴᠡ ᠪᠠᠨ ᠰᠢᠨ᠎ᠡ ᠪᠠᠷ ᠡᠭᠦᠳᠴᠦ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠡᠷᠡᠭ ᠢ ᠳᠠᠭᠤᠰᠬᠠᠬᠤ ᠨᠤᠷᠮ᠎ᠠ ᠪᠠᠨ ᠴᠢᠷᠮᠠᠶᠢᠨ ᠳᠡᠭᠡᠭᠰᠢᠯᠡᠭᠦᠯᠦᠨ᠎ᠡ᠃ ᠳᠥᠷᠪᠡ ᠳᠤ᠂ ᠭᠦᠢᠴᠡᠳᠬᠡᠬᠦ ᠲᠤᠬᠠᠢ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠦᠢᠴᠡᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠠᠨ ᠷᠦᠢ ᠫᠢᠩ᠂ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢᠦ ᠮᠢᠨ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠪᠣᠯᠣᠨ ᠲᠥᠯᠥᠭᠡᠯᠡᠭᠴᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1