ᠰᠢᠶᠠᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠬᠤᠷᠢᠶᠠᠬᠤ ᠲᠤᠬᠠᠢ ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ
ᠨᠡᠶᠢᠲᠡᠯᠡᠭᠰᠡᠨ ᠴᠠᠭ᠄
2022/6/2
      ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2022 ᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ 6 ᠳ᠋ᠤᠭᠠᠷ ᠰᠠᠷ᠎ᠠ ᠳᠤ ᠮᠠᠨ ᠤ ᠰᠢᠶᠠᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠤᠨ ᠪᠠᠶᠢᠳᠠᠯ ᠳᠤ ᠠᠵᠢᠯ ᠤᠨ ᠦᠨᠡᠯᠡᠯᠲᠡ ᠬᠢᠬᠦ ᠪᠣᠯᠣᠨ᠎ᠠ᠃ ᠦᠨᠡᠯᠡᠭᠳᠡᠭᠰᠡᠨ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠬᠤ ᠶᠢᠨ ᠲᠥᠯᠥᠭᠡ᠂ ᠤᠳᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠨᠡᠶᠢᠲᠡᠯᠡᠶ᠎ᠡ᠄      1᠂ ᠰᠢᠶᠠᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶᠠᠨ ᠤ ᠡᠯ᠎ᠡ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ᠃      ᠭᠤᠣᠯᠳᠠᠯᠭ᠎ᠠ ᠳᠤ᠄      ︵1︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠦᠨᠳᠦᠰᠦᠨ ᠡᠮᠴᠢᠯᠡᠭᠡᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠢ ᠲᠤᠤᠱᠯᠠᠭᠤᠯᠤᠨ ᠬᠡᠷᠡᠭᠵᠢᠭᠦᠯᠦᠭᠰᠡᠨ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠪᠠᠶᠢᠳᠠᠯ᠃      ︵2︶ ᠵᠥᠪᠯᠡᠯᠴᠡᠭᠡᠷ ᠤᠨ ᠶᠣᠰᠣᠭᠠᠷ ᠬᠢᠨᠠᠯᠲᠠ ᠲᠠᠯᠪᠢᠵᠤ ᠬᠠᠮᠢᠶᠠᠷᠤᠨ᠎ᠠ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ᠃      2᠂ ᠠᠵᠢᠯ ᠳᠤ ᠣᠷᠣᠰᠢᠵᠤ ᠪᠠᠶᠢᠭ᠎ᠠ ᠭᠤᠣᠯ ᠠᠰᠠᠭᠤᠳᠠᠯ᠃      ᠭᠥᠯᠢᠶᠡᠨ ᠠᠪᠴᠤ ᠰᠢᠢᠳᠪᠦᠷᠢᠯᠡᠬᠦ ᠴᠠᠭ᠄ ᠰᠠᠨᠠᠯ ᠰᠠᠨᠠᠭᠤᠯᠭ᠎ᠠ ᠪᠠᠨ 2022 ᠣᠨ ᠤ 6 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠬᠤᠷᠢᠶ᠎ᠠ ᠳᠤ ᠲᠡᠪᠰᠢᠭᠦᠯᠦᠨ᠎ᠡ᠃      ᠬᠠᠶ᠋ᠢᠭ᠄ ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 305 ᠲᠠᠰᠤᠭ      ᠰᠢᠤᠳᠠᠨ ᠳ᠋ᠤᠭᠠᠷ᠄ 010200      ᠬᠠᠷᠢᠯᠴᠠᠬᠤ ᠤᠲᠠᠰᠤ᠄ 0471-8512590      ᠢᠮᠧᠯ᠄ tktrd-123@163.com      ᠬᠠᠷᠢᠯᠴᠠᠬᠤ ᠬᠥᠮᠥᠨ᠄ ᠸᠠᠩ ᠬᠤᠶ᠂ ᠵᠢᠶᠠᠩ ᠷᠦᠢ ᠲᠢᠩ                             2022 ᠣᠨ ᠤ 5 ᠳ᠋ᠤᠭᠠᠷ ᠰᠠᠷ᠎ᠠ ᠶᠢᠨ 30 ᠤ ᠡᠳᠦᠷ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1