ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 28 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ 6 ᠰᠠᠷ᠎ᠠ ᠶᠢᠨ 27 ᠤ ᠡᠳᠦᠷ ᠠᠨᠾᠦ᠋ᠢ ᠮᠤᠵᠢ ᠶᠢᠨ ᠲᠠᠢ ᠾᠧ ᠰᠢᠶᠠᠨ ᠤ ᠠᠮᠤ ᠪᠤᠳᠠᠭ᠎ᠠ ᠳᠠᠷᠢᠬᠤ ᠲᠣᠮᠣ | ᠡᠷᠦᠬᠡ ᠰᠢᠤᠢ ᠼᠦᠩ ᠰᠢᠶᠠᠩ ᠳᠤ ᠬᠠᠷᠢᠭᠤ ᠵᠠᠬᠢᠳᠠᠯ ᠢᠯᠡᠭᠡᠵᠦ᠂ ᠲᠤᠬᠠᠶ ᠶᠢᠨ ᠭᠠᠵᠠᠷ ᠤᠨ ᠨᠤᠲᠤᠭ ᠤᠨ ᠠᠬ᠎ᠠ ᠳᠡᠭᠦᠦ | ᠨᠡᠷ ᠲᠤ ᠮᠡᠨᠳᠦᠴᠢᠯᠡᠯ ᠳᠡᠪᠰᠢᠭᠦᠯᠵᠦ᠂ ᠪᠥᠬᠦ ᠤᠯᠤᠰ ᠤᠨ ᠠᠮᠤ ᠪᠤᠳᠠᠭ᠎ᠠ ᠳᠠᠷᠢᠬᠤ ᠲᠣᠮᠣ ᠡᠷᠦᠬᠡ ᠳᠤ ᠴᠢᠩ ᠰᠡᠳᠭᠢᠯ ᠤᠨ | ᠬᠦᠰᠡᠯ ᠨᠠᠶᠢᠳᠠᠯᠭ᠎ᠠ ᠳᠤᠷᠠᠳᠴᠠᠶ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠠᠨᠾᠦ᠋ᠢ ᠮᠤᠵᠢ ᠶᠢᠨ ᠲᠠᠢ ᠾᠧ ᠰᠢᠶᠠᠨ ᠤ ᠠᠮᠤ ᠪᠤᠳᠠᠭ᠎ᠠ ᠳᠠᠷᠢᠬᠤ | ᠴᠢᠳᠠᠪᠤᠷᠢᠲᠠᠨ ᠳᠠᠨ ᠢ ᠪᠢ ᠴᠡᠭᠡᠵᠢᠯᠡᠵᠦ ᠪᠠᠶᠢᠨ᠎ᠠ᠃ ᠲᠠᠨ ᠤ ᠭᠡᠷ ᠤᠨ ᠲᠠᠷᠢᠭᠰᠠᠨ ᠪᠣᠭᠤᠳᠠᠶ ᠡᠯᠪᠡᠭ ᠬᠤᠷᠢᠶᠠᠯᠲᠠ ᠣᠯᠵᠤ᠂ | ᠦᠷ᠎ᠡ ᠬᠡᠦᠬᠡᠳ ᠴᠢᠨᠢ ᠪᠠᠰᠠ ᠳᠠᠨ ᠢ ᠳᠠᠭᠠᠵᠤ ᠬᠦᠳᠡᠭᠡ ᠠᠵᠤ ᠠᠬᠤᠢ ᠬᠢᠭᠰᠡᠨ ᠢ ᠰᠤᠨᠤᠰᠤᠭᠠᠳ ᠪᠢ ᠮᠠᠰᠢ ᠪᠠᠶᠠᠷᠯᠠᠵᠤ | ᠪᠠᠶᠢᠨ᠎ᠠ ᠭᠡᠵᠦ ᠬᠡᠯᠡᠪᠡ᠃ | ᠰᠢ ᠶᠢᠨ ᠫᠢᠩ᠂ ᠬᠦᠮᠦᠷᠬᠡ ᠳᠡᠭᠡᠨ ᠠᠮᠤ ᠲᠠᠢ ᠪᠤᠯ ᠪᠠᠯᠢᠳᠠᠬᠤ ᠦᠬᠡᠢ ᠶᠤᠮ᠃ ᠠᠮᠤ ᠪᠤᠳᠠᠭᠠᠨ ᠤ | ᠦᠶ᠋ᠯᠡᠳᠪᠦᠷᠢᠯᠡᠯ ᠢ ᠪᠢ ᠶᠡᠷᠦ ᠠᠴᠠ ᠠᠩᠬᠠᠷᠤᠭᠰᠠᠭᠠᠷ ᠢᠷᠡᠵᠤ᠂ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠬᠤ ᠳᠠᠭᠠᠨ | ᠴᠦ ᠦᠷᠭᠦᠯᠵᠢ ᠲᠠᠷᠢᠶᠠᠨ ᠵᠠᠬ᠎ᠠ ᠳᠤ ᠣᠴᠢᠵᠤ ᠦᠵᠡᠳᠡᠭ᠃ ᠡᠲᠡᠭᠡᠷ ᠵᠢᠯ ᠤᠳ ᠲᠤ᠂ ᠨᠠᠮ ᠤᠨ ᠲᠥᠪ ᠬᠤᠷᠢᠶ᠎ᠠ ᠠᠴᠠ | ᠠᠮᠤ ᠪᠤᠳᠠᠭᠠᠨ ᠤ ᠦᠶ᠋ᠯᠡᠳᠪᠦᠷᠢᠯᠡᠯ ᠢ ᠳᠡᠮᠵᠢᠬᠦ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠨᠢ | ᠳᠠᠷᠤᠶ ᠳᠤᠮᠳᠠᠳᠤ ᠤᠯᠤᠰ ᠤᠨ ᠬᠥᠮᠦᠰ ᠪᠤᠳᠠᠭᠠᠨ ᠠᠶᠠᠭ᠎ᠠ ᠪᠠᠨ ᠥᠪᠡᠷ ᠤᠨ ᠭᠠᠷ ᠲᠠᠭᠠᠨ ᠪᠠᠲᠤ ᠡᠵᠡᠮᠳᠡᠵᠥ᠂ ᠠᠮᠤ | ᠪᠤᠳᠠᠭ᠎ᠠ ᠳᠠᠷᠢᠬᠰᠠᠨ ᠲᠠᠷᠢᠶᠠᠴᠢᠳ ᠲᠤ ᠤᠯᠬᠤ ᠵᠣᠭᠤᠰ ᠲᠠᠢ᠂ ᠠᠰᠢᠭ ᠭᠥᠷᠳᠡᠬᠦ ᠪᠤᠯᠭᠠᠵᠥ᠂ ᠠᠮᠢᠳᠤᠷᠠᠯ ᠢ ᠨᠢ ᠶᠠᠪᠤᠬᠤ | ᠲᠤᠲᠤᠮ ᠰᠠᠶᠢᠵᠢᠷᠠᠭᠤᠯᠬᠤ ᠶᠢᠨ ᠲᠥᠯᠥᠭᠡ ᠶᠤᠮ᠃ ᠠᠮᠤ ᠪᠤᠳᠠᠭ᠎ᠠ ᠳᠠᠷᠢᠬᠤ ᠲᠣᠮᠣ ᠡᠷᠦᠬᠡ ᠬᠡᠪᠴᠢᠶᠡᠵᠢᠯ ᠤᠨ | ᠡᠵᠡᠩᠨᠡᠯᠲᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢ ᠢᠳᠡᠪᠬᠢᠲᠡᠶ ᠬᠡᠷᠡᠭᠯᠡᠵᠦ᠂ ᠥᠷᠭᠡᠨ ᠣᠯᠠᠨ ᠵᠢᠵᠢᠭ ᠲᠠᠷᠢᠶᠠᠯᠠᠬᠤ ᠡᠷᠦᠬᠡ ᠶᠢ ᠳᠠᠶᠢᠴᠢᠯᠠᠨ ᠠᠮᠤ ᠪᠤᠳᠠᠭ᠎ᠠ ᠠᠷᠪᠢᠨ | ᠳᠠᠷᠢᠵᠤ᠂ ᠠᠮᠤ ᠪᠤᠳᠠᠭ᠎ᠠ ᠶᠢ ᠰᠠᠶᠢᠲᠤᠷ ᠳᠠᠷᠢᠵᠤ᠂ ᠬᠠᠮᠲᠤ ᠪᠠᠷ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ | ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢᠤᠢ ᠼᠦᠩ ᠰᠢᠶᠠᠩ ᠪᠣᠯ ᠠᠨᠾᠦ᠋ᠢ ᠮᠤᠵᠢ ᠶᠢᠨ ᠹᠦᠶᠠᠩ ᠬᠤᠲᠠ ᠶᠢᠨ ᠲᠠᠢ ᠾᠧ ᠰᠢᠶᠠᠨ ᠤ ᠵᠢᠦ ᠰᠢᠶᠠᠨ | ᠪᠠᠯᠭᠠᠰᠤᠨ ᠤ ᠵᠠᠩ ᠬᠤᠸᠠᠢ ᠲᠣᠰᠬᠤᠨ ᠤ ᠲᠠᠷᠢᠶᠠᠴᠢᠨ ᠮᠥᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ | ᠨᠢᠭᠡ ᠯᠡ ᠰᠡᠳᠭᠢᠯ ᠢᠶᠠᠷ ᠰᠤᠳᠤᠯᠤᠬᠰᠠᠭᠠᠷ ᠢᠷᠠᠵᠥ᠂ 2010 ᠣᠨ ᠳᠤ ᠲᠠᠷᠢᠶᠠᠯᠠᠩ ᠤᠨ ᠲᠠᠷᠢᠮᠠᠯ ᠤᠨ ᠲᠤᠰᠬᠠᠢ | ᠬᠤᠷᠰᠢᠶ᠎ᠠ ᠶᠢ ᠲᠦᠷᠦᠭᠦᠯᠡᠨ ᠪᠠᠶᠢᠭᠤᠯᠵᠤ᠂ ᠠᠭᠠᠵᠢᠮ ᠢᠶᠠᠷ ᠲᠤᠬᠠᠢ ᠶᠢᠨ ᠭᠠᠵᠠᠷ ᠤᠨ ᠠᠮᠤ ᠪᠤᠳᠠᠭ᠎ᠠ ᠲᠠᠷᠢᠬᠤ ᠲᠤᠮᠤ ᠡᠷᠦᠭᠡ | ᠪᠤᠯᠵᠤ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ᠂ ᠪᠦᠬᠦ ᠤᠯᠤᠰ ᠤᠨ ᠠᠮᠤ ᠪᠤᠳᠠᠭ᠎ᠠ ᠲᠠᠷᠢᠬᠤ ᠪᠢᠶᠤᠤᠪᠢᠩ ᠵᠡᠷᠭᠡ | ᠢᠷᠠᠭᠤ ᠠᠯᠳᠠᠷ ᠢ ᠬᠦᠷᠳᠡᠵᠠᠢ᠃ | 2011 ᠣᠨ ᠤ 4 ᠰᠠᠷ᠎ᠠ ᠳᠤ᠂ ᠰᠢ ᠶᠢᠨ ᠫᠢᠩ ᠵᠠᠩ ᠬᠤᠸᠠᠢ ᠲᠣᠰᠬᠤᠨ ᠳᠤ ᠰᠢᠨᠵᠢᠯᠡᠨ ᠪᠠᠶᠢᠴᠠᠭᠠᠬᠤ ᠳᠠᠭᠠᠨ᠂ | ᠰᠢᠤᠢ ᠼᠦᠩ ᠰᠢᠶᠠᠩ ᠬᠢᠭᠡᠳ ᠲᠡᠬᠦᠨ ᠤ ᠨᠤᠲᠤᠭ ᠤᠨ ᠠᠬ᠎ᠠ ᠳᠡᠭᠦᠦ ᠨᠡᠷ ᠠᠴᠠ ᠪᠤᠭᠤᠳᠠᠢ ᠲᠠᠷᠢᠵᠤ ᠪᠠᠶᠢᠭ᠎ᠠ | ᠪᠠᠶᠢᠳᠠᠯ ᠢ ᠨᠢ ᠣᠶᠢᠯᠠᠭᠠᠪᠠ᠃ ᠣᠶᠢᠷ᠎ᠠ ᠳᠤ᠂ ᠰᠢᠤᠢ ᠼᠦᠩ ᠰᠢᠶᠠᠩ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ | ᠪᠢᠴᠢᠵᠦ᠂ ᠠᠷᠪᠠ ᠭᠠᠷᠤᠶ ᠵᠢᠯ ᠤᠨ ᠲᠤᠷᠰᠢ ᠠᠮᠤ ᠪᠤᠳᠠᠭᠠᠨ ᠤ ᠦᠶ᠋ᠯᠡᠳᠪᠦᠷᠢᠯᠡᠯ ᠢ ᠬᠢᠵᠦ᠂ ᠣᠯᠠᠨ ᠲᠦᠮᠡᠨ ᠢ ᠬᠠᠪᠰᠤᠷᠤᠨ | ᠶᠠᠳᠠᠭᠤ ᠠᠴᠠ ᠠᠩᠭᠢᠵᠢᠷᠠᠭᠤᠯᠤᠭᠰᠠᠨ ᠵᠡᠷᠭᠡ ᠪᠠᠶᠢᠳᠠᠯ ᠪᠠ ᠲᠥᠷᠥᠭᠳᠡᠯ ᠢᠶᠠᠨ ᠬᠠᠷᠢᠭᠤ ᠮᠡᠳᠡᠭᠦᠯᠵᠦ᠂ ᠲᠠᠷᠢᠶᠠᠯᠠᠩ ᠢ | ᠰᠤᠳᠤᠯᠤᠨ ᠨᠡᠭᠡᠭᠡᠵᠦ ᠳᠡᠯᠭᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠠᠩ ᠣᠯᠠᠨ ᠲᠠᠷᠢᠶᠠᠴᠢᠨ ᠢ ᠳᠠᠶᠢᠴᠢᠯᠠᠨ | ᠠᠮᠤ ᠪᠤᠳᠠᠭ᠎ᠠ ᠠᠷᠪᠢᠨ ᠳᠠᠷᠢᠵᠤ᠂ ᠠᠮᠤ ᠪᠤᠳᠠᠭ᠎ᠠ ᠶᠢ ᠰᠠᠶᠢᠲᠤᠷ ᠳᠠᠷᠢᠬᠤ ᠡᠷᠡᠰ ᠵᠣᠷᠢᠭ ᠢᠶᠠᠨ ᠢᠯᠡᠳᠭᠡᠪᠡ᠃ | |