ᠰᠢ ᠶᠢᠨ ᠫᠢᠩ ᠠᠮᠤ ᠪᠤᠳᠠᠭ᠎ᠠ ᠳᠠᠷᠢᠬᠤ ᠲᠣᠮᠣ ᠡᠷᠦᠬᠡ ᠳᠤ ᠬᠠᠷᠢᠭᠤ ᠵᠠᠬᠢᠳᠠᠯ ᠢᠯᠡᠭᠡᠵᠦ ᠵᠣᠷᠢᠭᠵᠢᠭᠤᠯᠤᠬᠰᠠᠨ ᠨᠢ᠄ ᠥᠷᠭᠡᠨ ᠣᠯᠠᠨ ᠵᠢᠵᠢᠭ ᠲᠠᠷᠢᠶᠠᠯᠠᠬᠤ ᠡᠷᠦᠬᠡ ᠶᠢ ᠳᠠᠶᠢᠴᠢᠯᠡᠵᠥ ᠠᠮᠤ ᠪᠤᠳᠠᠭ᠎ᠠ ᠠᠷᠪᠢᠨ ᠲᠠᠷᠢᠵᠤ ᠠᠮᠤ ᠪᠤᠳᠠᠭ᠎ᠠ ᠶᠢ ᠰᠠᠶᠢᠳᠤᠷ ᠳᠠᠷᠢᠵᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠬᠠᠮᠳᠤ ᠪᠠᠷ ᠬᠦᠴᠦᠨ ᠴᠢᠳᠠᠯ ᠢᠶᠠᠨ ᠡᠷᠭᠦᠰᠦᠭᠡᠶ
ᠨᠡᠶᠢᠲᠡᠯᠡᠭᠰᠡᠨ ᠴᠠᠭ᠄
2022/6/30
       ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 28 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 27 ᠤ ᠡᠳᠦᠷ ᠠᠨᠾᠦ᠋ᠢ ᠮᠤᠵᠢ ᠶᠢᠨ ᠲᠠᠢ ᠾᠧ ᠰᠢᠶᠠᠨ ᠤ ᠠᠮᠤ ᠪᠤᠳᠠᠭ᠎ᠠ ᠳᠠᠷᠢᠬᠤ ᠲᠣᠮᠣ ᠡᠷᠦᠬᠡ ᠰᠢᠤᠢ ᠼᠦᠩ ᠰᠢᠶᠠᠩ ᠳᠤ ᠬᠠᠷᠢᠭᠤ ᠵᠠᠬᠢᠳᠠᠯ ᠢᠯᠡᠭᠡᠵᠦ᠂ ᠲᠤᠬᠠᠶ ᠶᠢᠨ ᠭᠠᠵᠠᠷ ᠤᠨ ᠨᠤᠲᠤᠭ ᠤᠨ ᠠᠬ᠎ᠠ ᠳᠡᠭᠦᠦ ᠨᠡᠷ ᠲᠤ ᠮᠡᠨᠳᠦᠴᠢᠯᠡᠯ ᠳᠡᠪᠰᠢᠭᠦᠯᠵᠦ᠂ ᠪᠥᠬᠦ ᠤᠯᠤᠰ ᠤᠨ ᠠᠮᠤ ᠪᠤᠳᠠᠭ᠎ᠠ ᠳᠠᠷᠢᠬᠤ ᠲᠣᠮᠣ ᠡᠷᠦᠬᠡ ᠳᠤ ᠴᠢᠩ ᠰᠡᠳᠭᠢᠯ ᠤᠨ ᠬᠦᠰᠡᠯ ᠨᠠᠶᠢᠳᠠᠯᠭ᠎ᠠ ᠳᠤᠷᠠᠳᠴᠠᠶ᠃      ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠠᠨᠾᠦ᠋ᠢ ᠮᠤᠵᠢ ᠶᠢᠨ ᠲᠠᠢ ᠾᠧ ᠰᠢᠶᠠᠨ ᠤ ᠠᠮᠤ ᠪᠤᠳᠠᠭ᠎ᠠ ᠳᠠᠷᠢᠬᠤ ᠴᠢᠳᠠᠪᠤᠷᠢᠲᠠᠨ ᠳᠠᠨ ᠢ ᠪᠢ ᠴᠡᠭᠡᠵᠢᠯᠡᠵᠦ ᠪᠠᠶᠢᠨ᠎ᠠ᠃ ᠲᠠᠨ ᠤ ᠭᠡᠷ ᠤᠨ ᠲᠠᠷᠢᠭᠰᠠᠨ ᠪᠣᠭᠤᠳᠠᠶ ᠡᠯᠪᠡᠭ ᠬᠤᠷᠢᠶᠠᠯᠲᠠ ᠣᠯᠵᠤ᠂ ᠦᠷ᠎ᠡ ᠬᠡᠦᠬᠡᠳ ᠴᠢᠨᠢ ᠪᠠᠰᠠ ᠳᠠᠨ ᠢ ᠳᠠᠭᠠᠵᠤ ᠬᠦᠳᠡᠭᠡ ᠠᠵᠤ ᠠᠬᠤᠢ ᠬᠢᠭᠰᠡᠨ ᠢ ᠰᠤᠨᠤᠰᠤᠭᠠᠳ ᠪᠢ ᠮᠠᠰᠢ ᠪᠠᠶᠠᠷᠯᠠᠵᠤ ᠪᠠᠶᠢᠨ᠎ᠠ ᠭᠡᠵᠦ ᠬᠡᠯᠡᠪᠡ᠃      ᠰᠢ ᠶᠢᠨ ᠫᠢᠩ᠂ ᠬᠦᠮᠦᠷᠬᠡ ᠳᠡᠭᠡᠨ ᠠᠮᠤ ᠲᠠᠢ ᠪᠤᠯ ᠪᠠᠯᠢᠳᠠᠬᠤ ᠦᠬᠡᠢ ᠶᠤᠮ᠃ ᠠᠮᠤ ᠪᠤᠳᠠᠭᠠᠨ ᠤ ᠦᠶ᠋ᠯᠡᠳᠪᠦᠷᠢᠯᠡᠯ ᠢ ᠪᠢ ᠶᠡᠷᠦ ᠠᠴᠠ ᠠᠩᠬᠠᠷᠤᠭᠰᠠᠭᠠᠷ ᠢᠷᠡᠵᠤ᠂ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠬᠤ ᠳᠠᠭᠠᠨ ᠴᠦ ᠦᠷᠭᠦᠯᠵᠢ ᠲᠠᠷᠢᠶᠠᠨ ᠵᠠᠬ᠎ᠠ ᠳᠤ ᠣᠴᠢᠵᠤ ᠦᠵᠡᠳᠡᠭ᠃ ᠡᠲᠡᠭᠡᠷ ᠵᠢᠯ ᠤᠳ ᠲᠤ᠂ ᠨᠠᠮ ᠤᠨ ᠲᠥᠪ ᠬᠤᠷᠢᠶ᠎ᠠ ᠠᠴᠠ ᠠᠮᠤ ᠪᠤᠳᠠᠭᠠᠨ ᠤ ᠦᠶ᠋ᠯᠡᠳᠪᠦᠷᠢᠯᠡᠯ ᠢ ᠳᠡᠮᠵᠢᠬᠦ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠨᠢ ᠳᠠᠷᠤᠶ ᠳᠤᠮᠳᠠᠳᠤ ᠤᠯᠤᠰ ᠤᠨ ᠬᠥᠮᠦᠰ ᠪᠤᠳᠠᠭᠠᠨ ᠠᠶᠠᠭ᠎ᠠ ᠪᠠᠨ ᠥᠪᠡᠷ ᠤᠨ ᠭᠠᠷ ᠲᠠᠭᠠᠨ ᠪᠠᠲᠤ ᠡᠵᠡᠮᠳᠡᠵᠥ᠂ ᠠᠮᠤ ᠪᠤᠳᠠᠭ᠎ᠠ ᠳᠠᠷᠢᠬᠰᠠᠨ ᠲᠠᠷᠢᠶᠠᠴᠢᠳ ᠲᠤ ᠤᠯᠬᠤ ᠵᠣᠭᠤᠰ ᠲᠠᠢ᠂ ᠠᠰᠢᠭ ᠭᠥᠷᠳᠡᠬᠦ ᠪᠤᠯᠭᠠᠵᠥ᠂ ᠠᠮᠢᠳᠤᠷᠠᠯ ᠢ ᠨᠢ ᠶᠠᠪᠤᠬᠤ ᠲᠤᠲᠤᠮ ᠰᠠᠶᠢᠵᠢᠷᠠᠭᠤᠯᠬᠤ ᠶᠢᠨ ᠲᠥᠯᠥᠭᠡ ᠶᠤᠮ᠃ ᠠᠮᠤ ᠪᠤᠳᠠᠭ᠎ᠠ ᠳᠠᠷᠢᠬᠤ ᠲᠣᠮᠣ ᠡᠷᠦᠬᠡ ᠬᠡᠪᠴᠢᠶᠡᠵᠢᠯ ᠤᠨ ᠡᠵᠡᠩᠨᠡᠯᠲᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠢᠳᠡᠪᠬᠢᠲᠡᠶ ᠬᠡᠷᠡᠭᠯᠡᠵᠦ᠂ ᠥᠷᠭᠡᠨ ᠣᠯᠠᠨ ᠵᠢᠵᠢᠭ ᠲᠠᠷᠢᠶᠠᠯᠠᠬᠤ ᠡᠷᠦᠬᠡ ᠶᠢ ᠳᠠᠶᠢᠴᠢᠯᠠᠨ ᠠᠮᠤ ᠪᠤᠳᠠᠭ᠎ᠠ ᠠᠷᠪᠢᠨ ᠳᠠᠷᠢᠵᠤ᠂ ᠠᠮᠤ ᠪᠤᠳᠠᠭ᠎ᠠ ᠶᠢ ᠰᠠᠶᠢᠲᠤᠷ ᠳᠠᠷᠢᠵᠤ᠂ ᠬᠠᠮᠲᠤ ᠪᠠᠷ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃       ᠰᠢᠤᠢ ᠼᠦᠩ ᠰᠢᠶᠠᠩ ᠪᠣᠯ ᠠᠨᠾᠦ᠋ᠢ ᠮᠤᠵᠢ ᠶᠢᠨ ᠹᠦᠶᠠᠩ ᠬᠤᠲᠠ ᠶᠢᠨ ᠲᠠᠢ ᠾᠧ ᠰᠢᠶᠠᠨ ᠤ ᠵᠢᠦ ᠰᠢᠶᠠᠨ ᠪᠠᠯᠭᠠᠰᠤᠨ ᠤ ᠵᠠᠩ ᠬᠤᠸᠠᠢ ᠲᠣᠰᠬᠤᠨ ᠤ ᠲᠠᠷᠢᠶᠠᠴᠢᠨ ᠮᠥᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠨᠢᠭᠡ ᠯᠡ ᠰᠡᠳᠭᠢᠯ ᠢᠶᠠᠷ ᠰᠤᠳᠤᠯᠤᠬᠰᠠᠭᠠᠷ ᠢᠷᠠᠵᠥ᠂ 2010 ᠣᠨ ᠳᠤ ᠲᠠᠷᠢᠶᠠᠯᠠᠩ ᠤᠨ ᠲᠠᠷᠢᠮᠠᠯ ᠤᠨ ᠲᠤᠰᠬᠠᠢ ᠬᠤᠷᠰᠢᠶ᠎ᠠ ᠶᠢ ᠲᠦᠷᠦᠭᠦᠯᠡᠨ ᠪᠠᠶᠢᠭᠤᠯᠵᠤ᠂ ᠠᠭᠠᠵᠢᠮ ᠢᠶᠠᠷ ᠲᠤᠬᠠᠢ ᠶᠢᠨ ᠭᠠᠵᠠᠷ ᠤᠨ ᠠᠮᠤ ᠪᠤᠳᠠᠭ᠎ᠠ ᠲᠠᠷᠢᠬᠤ ᠲᠤᠮᠤ ᠡᠷᠦᠭᠡ ᠪᠤᠯᠵᠤ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ᠂ ᠪᠦᠬᠦ ᠤᠯᠤᠰ ᠤᠨ ᠠᠮᠤ ᠪᠤᠳᠠᠭ᠎ᠠ ᠲᠠᠷᠢᠬᠤ ᠪᠢᠶᠤᠤᠪᠢᠩ ᠵᠡᠷᠭᠡ ᠢᠷᠠᠭᠤ ᠠᠯᠳᠠᠷ ᠢ ᠬᠦᠷᠳᠡᠵᠠᠢ᠃      2011 ᠣᠨ ᠤ 4 ᠰᠠᠷ᠎ᠠ ᠳᠤ᠂ ᠰᠢ ᠶᠢᠨ ᠫᠢᠩ ᠵᠠᠩ ᠬᠤᠸᠠᠢ ᠲᠣᠰᠬᠤᠨ ᠳᠤ ᠰᠢᠨᠵᠢᠯᠡᠨ ᠪᠠᠶᠢᠴᠠᠭᠠᠬᠤ ᠳᠠᠭᠠᠨ᠂ ᠰᠢᠤᠢ ᠼᠦᠩ ᠰᠢᠶᠠᠩ ᠬᠢᠭᠡᠳ ᠲᠡᠬᠦᠨ ᠤ ᠨᠤᠲᠤᠭ ᠤᠨ ᠠᠬ᠎ᠠ ᠳᠡᠭᠦᠦ ᠨᠡᠷ ᠠᠴᠠ ᠪᠤᠭᠤᠳᠠᠢ ᠲᠠᠷᠢᠵᠤ ᠪᠠᠶᠢᠭ᠎ᠠ ᠪᠠᠶᠢᠳᠠᠯ ᠢ ᠨᠢ ᠣᠶᠢᠯᠠᠭᠠᠪᠠ᠃ ᠣᠶᠢᠷ᠎ᠠ ᠳᠤ᠂ ᠰᠢᠤᠢ ᠼᠦᠩ ᠰᠢᠶᠠᠩ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠠᠷᠪᠠ ᠭᠠᠷᠤᠶ ᠵᠢᠯ ᠤᠨ ᠲᠤᠷᠰᠢ ᠠᠮᠤ ᠪᠤᠳᠠᠭᠠᠨ ᠤ ᠦᠶ᠋ᠯᠡᠳᠪᠦᠷᠢᠯᠡᠯ ᠢ ᠬᠢᠵᠦ᠂ ᠣᠯᠠᠨ ᠲᠦᠮᠡᠨ ᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠤᠭᠰᠠᠨ ᠵᠡᠷᠭᠡ ᠪᠠᠶᠢᠳᠠᠯ ᠪᠠ ᠲᠥᠷᠥᠭᠳᠡᠯ ᠢᠶᠠᠨ ᠬᠠᠷᠢᠭᠤ ᠮᠡᠳᠡᠭᠦᠯᠵᠦ᠂ ᠲᠠᠷᠢᠶᠠᠯᠠᠩ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠨᠠᠩ ᠣᠯᠠᠨ ᠲᠠᠷᠢᠶᠠᠴᠢᠨ ᠢ ᠳᠠᠶᠢᠴᠢᠯᠠᠨ ᠠᠮᠤ ᠪᠤᠳᠠᠭ᠎ᠠ ᠠᠷᠪᠢᠨ ᠳᠠᠷᠢᠵᠤ᠂ ᠠᠮᠤ ᠪᠤᠳᠠᠭ᠎ᠠ ᠶᠢ ᠰᠠᠶᠢᠲᠤᠷ ᠳᠠᠷᠢᠬᠤ ᠡᠷᠡᠰ ᠵᠣᠷᠢᠭ ᠢᠶᠠᠨ ᠢᠯᠡᠳᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1