︽ᠲᠤᠯᠤᠭᠠᠨ ᠰᠠᠷ᠎ᠠ ᠶᠢᠨ ᠨᠢᠭᠡᠨ︾︾ ᠢ ᠪᠡᠯᠭᠡᠯᠡᠬᠦ ᠮᠠᠨ ᠤ ᠰᠢᠶᠠᠨ ᠤ ︽ᠲᠠᠯ᠎ᠠ ᠨᠤᠲᠤᠭ ᠤᠨ ᠬᠥᠪᠡᠭᠦᠳ ᠥᠬᠢᠳ᠂ ᠨᠠᠮ ᠢᠶᠠᠨ ᠪᠤᠳᠤᠵᠤ ᠰᠡᠳᠬᠢᠯ ᠢᠶᠠᠨ ᠨᠢᠭᠡᠳᠬᠡᠨ᠂ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/7/1
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 101 ᠵᠢᠯ ᠤᠨ ᠣᠶ ᠶᠢᠨ ᠲᠠᠰᠢᠷᠠᠮ ᠢᠶᠠᠷ᠂ 7 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠮᠠᠨ ᠤ ᠰᠢᠶᠠᠨ ︽ᠲᠠᠯ᠎ᠠ ᠨᠤᠲᠤᠭ ᠤᠨ ᠬᠥᠪᠡᠭᠦᠳ ᠥᠬᠢᠳ᠂ ᠨᠠᠮ ᠢᠶᠠᠨ ᠪᠤᠳᠤᠵᠤ ᠰᠡᠳᠬᠢᠯ ᠢᠶᠠᠨ ᠨᠢᠭᠡᠳᠬᠡᠨ᠂ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠪᠠᠷ ᠭᠤᠣᠯ ᠰᠡᠳᠦᠪ ᠪᠣᠯᠭᠠᠭᠰᠠᠨ ︽ᠲᠤᠯᠤᠭᠠᠨ ᠰᠠᠷ᠎ᠠ ᠶᠢᠨ ᠨᠢᠭᠡᠨ︾ ᠤ ᠨᠠᠮ ᠤᠨ ᠡᠳᠦᠷ ᠢ ᠪᠡᠯᠭᠡᠯᠡᠬᠦ ᠠᠵᠢᠯᠯᠠᠭ᠎ᠠ ᠥᠷᠨᠢᠭᠦᠯᠪᠡ᠃ ᠯᠢ ᠴᠦᠨ ᠶᠠᠨ᠂ ᠰᠦᠨ ᠰᠢᠶᠦ᠋ᠨ᠂ ᠸᠠᠩ ᠮᠢᠩ᠂ ᠲᠦᠮᠡᠨ ᠵᠡᠷᠭᠡ ᠰᠢᠶᠠᠨ ᠤ ᠨᠠᠮ ᠤᠨ ᠬᠤᠷᠢᠶᠠᠨ ᠤ ᠭᠤᠣᠯ ᠳᠤᠭᠤᠶᠢᠯᠠᠩ ᠤᠨ ᠭᠡᠰᠢᠭᠦᠨ ᠪᠣᠯᠣᠨ ︽ᠬᠤᠶᠠᠷ ᠠᠯᠪᠠᠨ ᠭᠡᠷ︾ ᠤᠨ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ᠂ ︽ᠳᠤᠮᠳᠠᠳᠤ ᠶᠢᠨ ᠮᠠᠭᠲᠠᠭᠠᠯ ︱ ᠪᠢᠳᠡᠨ ᠤ ᠰᠡᠳᠬᠢᠯ ᠳᠠᠬᠢ ᠳᠦᠷᠢ ᠲᠥᠷᠬᠦ︾ ᠶᠢᠨ ᠶᠡᠷᠦᠩᠬᠡᠶᠢᠯᠡᠭᠰᠡᠨ ᠦᠵᠡᠭᠦᠯᠦᠯᠭᠡ ᠶᠢ ᠲᠣᠭᠤᠷᠢᠨ ᠦᠵᠡᠵᠦ᠂ ︽ᠥᠪᠥᠷ ᠮᠣᠩᠭᠤᠯ ᠤᠨ ᠤᠷᠲᠤ ᠴᠠᠭᠠᠨ ᠬᠡᠷᠡᠮ ᠤᠨ ᠳᠥᠷᠪᠡᠨ ᠤᠯᠠᠷᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ︾ ︽ᠥᠪᠥᠷ ᠮᠣᠩᠭᠤᠯ ᠤᠨ ᠬᠠᠲᠤᠨ ᠭᠤᠣᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠷᠠᠨ ᠵᠢᠷᠤᠭ ᠤᠨ ᠦᠵᠡᠰᠬᠦᠯᠡᠩ︾  ᠢ ᠰᠤᠨᠢᠷᠬᠠᠪᠠ᠂  ᠮᠦᠨᠴᠦ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ ᠰᠠᠨᠠᠭᠠᠯᠵᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ  ᠂ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠵᠤ᠂ ᠠᠭᠤᠤ ᠶᠡᠭᠡ ᠡᠬᠡ ᠣᠷᠣᠨ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠨ ᠵᠥᠪᠰᠢᠶᠡᠷᠡᠬᠦ ᠶᠢ ᠲᠠᠰᠤᠷᠠᠯᠲᠠ ᠦᠭᠡᠢ ᠪᠠᠲᠤᠳᠬᠠᠵᠤ᠂ ᠴᠤᠭ ᠪᠠᠳᠠᠷᠠᠩᠭᠤᠢ ᠣᠪᠣᠷ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠪᠠᠷ ᠬᠤᠷᠠᠯᠳᠤᠭᠤᠯᠬᠤ ᠶᠢ ᠪᠠᠶᠠᠷᠯᠠᠨ
ᠤᠭᠳᠤᠶ᠎ᠠ᠃
    ︽ᠳᠤᠮᠳᠠᠳᠤ ᠶᠢᠨ ᠮᠠᠭᠲᠠᠭᠠᠯ ︱ ᠪᠢᠳᠡᠨ ᠤ ᠰᠡᠳᠬᠢᠯ ᠳᠠᠬᠢ ᠳᠦᠷᠢ ᠲᠥᠷᠬᠦ︾ ᠶᠡᠷᠦᠩᠬᠡᠶᠢᠯᠡᠭᠰᠡᠨ ᠦᠵᠡᠭᠦᠯᠦᠯᠭᠡ ᠨᠢ ︽ᠮᠢᠨᠤ ᠡᠬᠡ ᠤᠯᠤᠰ︾᠂ ︽ᠰᠦᠷᠯᠢᠭ ᠰᠠᠶᠢᠬᠠᠨ ᠲᠦᠷᠦ ᠭᠦᠷᠦᠨ︾᠂ ︽ᠭᠡᠷᠡᠯ ᠰᠠᠴᠤᠷᠠᠩᠭᠤᠢ ᠪᠣᠯᠪᠠᠰᠤᠨ︾᠂ ︽ᠠᠭᠤᠤ ᠶᠡᠭᠡ ᠵᠣᠷᠢᠭ ᠰᠠᠨᠠᠭ᠎ᠠ︾ ᠭᠡᠬᠦ ᠲᠦᠷᠪᠡᠨ ᠶᠡᠭᠡ ᠬᠡᠰᠡᠭ ᠲᠤ ᠬᠤᠪᠢᠶᠠᠭᠳᠠᠵᠤ᠂ 350 ᠭᠠᠷᠤᠢ ᠭᠡᠷᠡᠯ ᠵᠢᠷᠤᠭ᠂ 50 ᠭᠠᠷᠤᠢ ᠪᠣᠳᠠᠲᠤ ᠪᠣᠳᠠᠰ ᠤᠨ ᠦᠵᠡᠭᠦᠯᠦᠯᠭᠡ ᠶᠢᠨ ᠵᠦᠢᠯ᠂ 55 ᠲᠠᠭᠤ ᠳᠦᠷᠰᠦ ᠰᠢᠩᠭᠡᠭᠡᠯᠲᠡ ᠵᠢᠴᠢ ᠤᠯᠠᠨ ᠲᠦᠷᠦᠯ ᠤᠨ ᠦᠢᠯᠡᠳᠦᠯᠴᠡᠨ ᠣᠶᠢᠯᠠᠭᠠᠬᠤ ᠲᠥᠬᠦᠭᠡᠷᠦᠮᠵᠢ ᠶᠢ ᠶᠡᠷᠦᠩᠬᠡᠶᠢᠯᠡᠨ ᠬᠡᠷᠡᠭᠯᠡᠵᠦ᠂ ᠡᠯ᠎ᠡ ᠦᠨᠳᠦᠰᠦᠲᠡᠨ ᠤ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠳᠡᠯᠭᠡᠨ ᠦᠵᠡᠭᠦᠯᠵᠡᠢ᠃ ᠥᠪᠥᠷ ᠮᠣᠩᠭᠤᠯ ᠤᠨ ᠣᠷᠳᠣ ᠴᠠᠭᠠᠨ ᠬᠡᠷᠡᠮ ᠤᠨ ᠳᠥᠷᠪᠡᠨ ᠤᠯᠠᠷᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢ ︽ᠬᠠᠪᠤᠷ ᠤᠨ ᠤᠯᠠᠷᠢᠯ · ᠠᠮᠢ ᠨᠠᠰᠤᠨ ᠤ ᠬᠥᠳᠡᠯᠭᠡᠭᠡᠨ︾ ︽ᠵᠣᠨ ᠤ ᠤᠯᠠᠷᠢᠯ · ᠣᠷᠳᠣ ᠬᠤᠭᠤᠴᠠᠭᠠᠨ ᠤ ᠬᠥᠭᠵᠢᠯ ᠪᠠᠳᠠᠷᠠᠯ︾ ︽ᠨᠠᠮᠤᠷ ᠤᠨ ᠤᠯᠠᠷᠢᠯ · ᠬᠤᠷᠢᠶᠠᠯᠲᠠ ᠶᠢᠨ ᠪᠠᠶᠠᠷ ᠪᠠᠭ᠋ᠠᠳᠤᠯ︾ ︽ᠡᠪᠦᠯ ᠤᠨ ᠤᠯᠠᠷᠢᠯ ·  ᠠᠮᠢᠵᠢᠷᠠᠯ ᠤᠨ ᠬᠦᠴᠦᠨ︾ ᠭᠡᠬᠦ ᠳᠥᠷᠪᠡᠨ ᠬᠡᠰᠡᠭ ᠲᠤ ᠬᠤᠪᠢᠶᠠᠵᠤ᠂ 600 ᠰᠢᠬᠠᠮ ᠪᠣᠳᠠᠲᠤ ᠪᠣᠳᠠᠰ ᠤᠨ ᠦᠵᠡᠭᠦᠯᠦᠯᠭᠡ᠂ 60 ᠵᠢᠷᠤᠭ ᠪᠠ 30 ᠸᠢᠳᠢᠤ᠋ ᠶᠢ ᠳᠡᠯᠭᠡᠨ ᠦᠵᠡᠭᠦᠯᠵᠡᠢ᠃ ᠡᠭᠦᠨ ᠤ ᠵᠣᠷᠢᠯᠭ᠎ᠠ ᠨᠢ᠂ ᠰᠢ ᠶᠢᠨ ᠫᠢᠩ ᠶᠡᠷᠦᠩᠬᠡᠢ ᠱᠦᠵᠢ ᠶᠢᠨ ︽ᠣᠷᠳᠣ ᠴᠠᠭᠠᠨ ᠬᠡᠷᠡᠮ ᠨᠢᠭᠡᠨᠲᠡ ᠳᠤᠮᠳᠠᠳᠤ ᠶᠢᠨ ᠦᠨᠳᠦᠰᠦᠲᠡᠨ ᠤ ᠲᠥᠯᠥᠭᠡᠯᠡᠬᠦ ᠴᠢᠨᠠᠷᠲᠠᠢ ᠲᠡᠮᠳᠡᠭ ᠪᠠ ᠳᠤᠮᠳᠠᠳᠤ ᠶᠢᠨ ᠪᠣᠯᠪᠠᠰᠤᠨ ᠤ ᠴᠢᠬᠤᠯᠠ ᠪᠡᠯᠭᠡ ᠲᠡᠮᠳᠡᠭ ᠪᠣᠯᠤᠭᠰᠠᠨ︾ ᠵᠡᠷᠭᠡ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠢᠯᠡᠷᠡᠭᠦᠯᠵᠦ᠂ ᠬᠡᠳᠦᠨ ᠮᠢᠩᠭᠠᠨ ᠵᠢᠯ ᠤᠨ ᠲᠤᠷᠰᠢᠬᠢ ᠣᠷᠳᠣ ᠴᠠᠭᠠᠨ ᠬᠡᠷᠡᠮ ᠳᠠᠭᠠᠤ ᠶᠢᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠢᠯᠡᠷᠡᠭᠦᠯᠵᠦ᠂ ᠳᠤᠮᠳᠠᠳᠤ ᠶᠢᠨ ᠰᠣᠶᠣᠯ ᠤᠨ ᠣᠯᠠᠨ ᠡᠰᠢᠲᠦ ᠨᠢᠭᠡ ᠴᠣᠭᠴᠠ ᠶᠢᠨ ᠳᠣᠲᠣᠭᠠᠳᠤ ᠣᠨᠴᠠᠯᠢᠭ ᠢ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠥᠯᠥᠭᠡ ᠶᠤᠮ᠃ ᠥᠪᠥᠷ ᠮᠣᠩᠭᠤᠯ ᠤᠨ ᠬᠠᠲᠤᠨ ᠭᠤᠣᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠷᠠᠨ ᠵᠢᠷᠤᠭ ᠤᠨ ᠦᠵᠡᠰᠬᠦᠯᠡᠩ ᠳᠤ ᠬᠠᠲᠤᠨ ᠭᠤᠣᠯ ᠤᠨ ᠰᠣᠶᠣᠯ ᠢᠶᠠᠷ ᠭᠤᠣᠯ ᠰᠡᠳᠦᠪ ᠪᠣᠯᠭᠠᠭᠰᠠᠨ 100 ᠰᠢᠬᠠᠮ ᠰᠢᠯᠢᠳᠡᠭ ᠪᠣᠳᠠᠰ ᠤᠨ ᠪᠤᠰᠤ ᠰᠣᠶᠣᠯ ᠤᠨ ᠥᠪ ᠤᠨ ᠤᠷᠠᠨ ᠵᠢᠷᠤᠭ ᠤᠨ ᠪᠦᠲᠦᠭᠡᠯ ᠢ ᠳᠡᠯᠭᠡᠨ ᠦᠵᠡᠭᠦᠯᠵᠦ᠂ ᠴᠠᠭᠠᠰᠤᠨ ᠬᠠᠶᠢᠴᠢᠯᠠᠮᠠᠯ᠂ ᠬᠠᠭᠠᠷᠢᠮᠠᠯ ᠵᠢᠷᠤᠭ᠂ ᠠᠷᠠᠰᠤᠨ ᠵᠢᠷᠤᠭ᠂ ᠭᠤᠯᠢᠷ ᠤᠨ ᠱᠤᠭᠤᠮᠠᠯ᠂ ᠰᠢᠪᠠᠷ ᠱᠤᠭᠤᠮᠠᠯ᠂ ᠬᠠᠳᠬᠤᠮᠠᠯ᠂ ᠡᠯᠭᠦᠮᠡᠯ ᠬᠡᠪᠢᠰ᠂ ᠶᠠᠰᠤᠨ ᠰᠡᠶᠢᠯᠦᠮᠡᠯ᠂ ᠴᠢᠯᠠᠭᠤᠨ ᠰᠡᠶᠢᠯᠦᠮᠡᠯ ᠵᠡᠷᠭᠡ 10 ᠭᠠᠷᠤᠢ ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠵᠦᠢᠯᠡᠰ ᠢ ᠬᠠᠮᠤᠷᠴᠠᠢ᠃ ᠡᠭᠦᠨ ᠤ ᠵᠣᠷᠢᠯᠭ᠎ᠠ ᠨᠢ  ᠂ ᠰᠢ ᠶᠢᠨ ᠫᠢᠩ ᠶᠡᠷᠦᠩᠬᠡᠢ ᠱᠦᠵᠢ ᠶᠢᠨ ︽ᠬᠠᠲᠤᠨ ᠭᠤᠣᠯ ᠪᠣᠯ ᠳᠤᠮᠳᠠᠳᠤ ᠶᠢᠨ ᠦᠨᠳᠦᠰᠦᠲᠡᠨ ᠤ ᠡᠵᠢ ᠭᠤᠣᠯ ᠮᠥᠨ᠂ ᠳᠤᠮᠳᠠᠳᠤ ᠶᠢᠨ ᠪᠣᠯᠪᠠᠰᠤᠨ ᠤ ᠥᠯᠥᠭᠡᠢ ᠮᠥᠨ︾ ᠭᠡᠬᠦ ᠵᠡᠷᠭᠡ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠬᠠᠷᠠᠭᠤᠯᠬᠤ ᠶᠢᠨ ᠲᠥᠯᠥᠭᠡ ᠶᠤᠮ᠂ ᠬᠠᠳᠤᠨ ᠭᠤᠣᠯ ᠤᠨ ᠰᠣᠶᠣᠯ ᠤᠨ ᠥᠪ ᠤᠨ ᠬᠠᠮᠠᠭᠠᠯᠠᠯᠲᠠ ᠶᠢ ᠠᠬᠢᠭᠤᠯᠵᠤ᠂ ᠬᠠᠳᠤᠨ ᠭᠤᠣᠯ ᠤᠨ ᠰᠣᠶᠣᠯ ᠳᠤ ᠠᠭᠤᠯᠤᠭᠳᠠᠵᠤ ᠪᠠᠶᠢᠭ᠎ᠠ ᠴᠠᠭ ᠦᠶ᠎ᠡ ᠶᠢᠨ ᠦᠨ᠎ᠡ ᠦᠷᠳᠡᠭ ᠢ ᠭᠦᠨᠵᠡᠭᠡᠢ ᠠᠭᠤᠳᠠᠯᠵᠤ᠂ ᠬᠠᠳᠤᠨ ᠭᠤᠣᠯ ᠤᠨ ᠦᠯᠢᠭᠡᠷ ᠢ ᠰᠠᠶᠢᠲᠤᠷ ᠶᠠᠷᠢᠵᠤ᠂ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠤᠶᠤᠨ ᠰᠠᠨᠠᠭᠠᠨ ᠤ ᠬᠦᠴᠦᠨ ᠴᠢᠳᠠᠯ ᠢ ᠨᠢᠭᠳᠠᠷᠠᠭᠤᠯᠵᠠᠢ᠃
    ᠲᠠᠶᠢᠯᠪᠤᠷᠢᠯᠠᠭᠴᠢ ᠶᠢᠨ ᠵᠢᠯᠣᠭᠤᠳᠤᠯᠭ᠎ᠠ ᠳᠣᠣᠷ᠎ᠠ᠂ ᠪᠦᠭᠦᠳᠡᠭᠡᠷ ᠢᠶᠠᠷ ᠢᠶᠠᠨ ᠡᠯ᠎ᠡ ᠦᠵᠡᠭᠦᠯᠦᠯᠭᠡ ᠶᠢᠨ ᠲᠢᠩᠬᠢᠮ ᠢ ᠡᠮᠬᠢ ᠳᠢᠭᠯᠢᠮ ᠲᠠᠢ ᠪᠠᠷ ᠲᠣᠭᠤᠷᠢᠨ ᠦᠵᠡᠵᠦ᠂ ᠠᠯᠢ ᠤᠯᠠᠨ ᠨᠠᠷᠢᠯᠢᠭ ᠰᠠᠶᠢᠬᠠᠨ ᠵᠢᠷᠤᠭ ᠵᠢᠴᠢ ᠠᠯᠢ ᠤᠯᠠᠨ ᠪᠣᠳᠠᠲᠤ ᠶᠠᠭᠤᠮ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠤᠨ ᠦᠵᠡᠭᠦᠯᠦᠯᠭᠡ ᠶᠢ ᠰᠣᠨᠢᠷᠬᠠᠬᠤ ᠪᠠᠷ ᠳᠠᠮᠵᠢᠭᠤᠯᠵᠤ᠂ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠤᠨ ᠦᠨᠳᠦᠰᠦᠲᠡᠨ ᠤ ᠬᠠᠶᠢᠷ᠎ᠠ ᠰᠡᠳᠬᠢᠯᠭᠡ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠵᠡᠷᠭᠡ ᠠᠭᠤᠯᠭ᠎ᠠ ᠶᠢ ᠪᠦᠬᠦ ᠲᠠᠯ᠎ᠠ ᠪᠠᠷ  ᠣᠶᠢᠯᠠᠭᠠᠪᠠ᠃ ᠦᠵᠡᠭᠦᠯᠦᠯᠭᠡ ᠶᠢ ᠦᠵᠡᠬᠦ ᠶᠠᠪᠤᠴᠠ ᠳᠤ᠂ ᠤᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠵᠣᠭᠰᠣᠵᠤ ᠲᠣᠭᠤᠷᠢᠨ ᠦᠵᠡᠵᠦ᠂ ᠰᠡᠭᠦᠳᠡᠷ ᠲᠠᠲᠠᠭᠰᠠᠨ ᠲᠡᠮᠳᠡᠭᠯᠡᠯ ᠬᠢᠵᠦ᠂ ᠪᠠᠰᠠ ᠲᠠᠶᠢᠯᠪᠤᠷᠢᠯᠠᠭᠴᠢ ᠠᠴᠠ ᠬᠤᠯᠪᠣᠭᠳᠠᠯ ᠪᠦᠬᠦᠢ ᠪᠠᠶᠢᠳᠠᠯ ᠢ ᠯᠠᠪᠯᠠᠨ ᠠᠰᠠᠭᠤᠵᠤ ᠣᠶᠢᠯᠠᠭᠠᠪᠠ᠃ ᠦᠵᠡᠰᠬᠦᠯᠡᠩ ᠤᠨ ᠣᠷᠳᠣᠨ ᠤ ᠭᠤᠣᠯ ᠰᠤᠷᠭᠠᠨ ᠬᠥᠮᠦᠵᠢᠯ ᠤᠨ ᠲᠢᠩᠬᠢᠮ ᠳᠤ᠂  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠤᠨ ᠡᠮᠦᠨ᠎ᠡ᠂ ᠤᠯᠠᠨ ᠢᠶᠠᠷ ᠢᠶᠠᠨ ᠪᠠᠷᠠᠭᠤᠨ ᠨᠢᠳᠤᠷᠭ᠎ᠠ ᠪᠠᠨ ᠡᠷᠭᠦᠵᠦ᠂ ᠯᠢ ᠴᠦᠨ ᠶᠠᠨ ᠤ ᠳᠠᠭᠠᠭᠤᠯᠭ᠎ᠠ ᠶᠢᠨ ᠳᠣᠣᠷ᠎ᠠ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ‌ᠤᠩᠰᠢᠵᠦ᠂ ᠢᠳᠡ ᠬᠦᠴᠦᠲᠡᠢ ᠲᠠᠩᠭᠠᠷᠢᠭ ᠶᠡᠭᠡ ᠲᠢᠩᠬᠢᠮ ᠳᠤ ᠴᠤᠤᠷᠢᠶᠠᠲᠤᠪᠠ᠃      
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1