ᠲᠣᠭᠲᠠᠬᠤ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/1
     6 ᠰᠠᠷ᠎ᠠ ᠶᠢᠨ 29 ᠤ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ  ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠲᠦᠮᠡᠨ ᠬᠤᠷᠠᠯ ᠡᠷᠭᠢᠯᠡᠵᠦ᠂ ᠡᠯ᠎ᠡ ᠪᠠᠯᠭᠠᠰᠤ᠂ ᠬᠠᠲᠤᠨ ᠭᠤᠣᠯ ᠤᠨ ᠴᠢᠭᠢᠭᠯᠢᠭ ᠭᠠᠵᠠᠷ ᠢ ᠬᠠᠮᠢᠶᠠᠷᠤᠨ ᠬᠠᠮᠠᠭᠠᠯᠠᠬᠤ ᠲᠥᠪ᠂ ᠡᠯ᠎ᠡ ᠭᠤᠣᠯᠳᠠᠯᠭ᠎ᠠ ᠲᠠᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃       ᠬᠤᠷᠠᠯ ᠳᠡᠭᠡᠷ᠎ᠡ ᠡᠯ᠎ᠡ ᠭᠤᠣᠯᠳᠠᠯᠭ᠎ᠠ ᠲᠠᠢ ᠰᠠᠯᠠᠭ᠎ᠠ ᠮᠥᠴᠢᠷ ᠤᠨ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠮᠠᠨ ᠤ ᠰᠢᠶᠠᠨ ᠤ ᠣᠳᠣᠬᠠᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠠᠰᠠᠭᠤᠳᠠᠯ ᠤᠨ ᠲᠤᠳᠠᠭᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠯᠲᠡᠢ ᠬᠠᠮᠲᠤ ᠶᠢᠨ ᠲᠠᠨᠢᠯᠲᠠ ᠲᠠᠢ ᠪᠣᠯᠵᠤ᠂ ᠠᠰᠠᠭᠤᠳᠠᠯ ᠢ ᠰᠢᠢᠳᠪᠦᠷᠢᠯᠡᠬᠦ  ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠰᠤᠳᠤᠯᠤᠨ ᠵᠥᠪᠳᠡᠪᠡ᠃       ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠡᠭᠡ ᠪᠥᠭᠡᠳ ᠶᠡᠷᠦ ᠪᠤᠰᠤ ᠶᠢᠨ ᠠᠴᠢ ᠬᠤᠯᠪᠣᠭᠳᠠᠯ ᠲᠠᠢ ᠶᠤᠮ᠂ ᠨᠢᠭᠡ ᠳᠤ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠᠷ ᠭᠤᠣᠯᠳᠠᠯᠭ᠎ᠠ ᠪᠣᠯᠭᠠᠵᠤ᠂ ᠨᠠᠮᠳᠠᠭᠤᠯᠤᠨ ᠰᠢᠢᠳᠪᠦᠷᠢᠯᠡᠬᠦ ᠪᠠᠷ ᠭᠤᠣᠯ ᠠᠷᠭ᠎ᠠ ᠵᠠᠮ ᠪᠣᠯᠭᠠᠵᠤ᠂ ᠴᠢᠬᠤᠯᠠ ᠵᠠᠩᠭᠢᠯᠠᠭ᠎ᠠ ᠶᠢᠨ ᠴᠡᠭ ᠲᠤ ᠱᠠᠲᠤ ᠠᠯᠤᠰᠯᠠᠨ ᠰᠤᠷᠪᠤᠯᠵᠢᠯᠠᠬᠤ ᠶᠢ ᠡᠷᠡᠰ ᠰᠡᠷᠭᠡᠶᠢᠯᠡᠬᠦ ᠬᠡᠷᠡᠭᠲᠡᠢ︔ ᠬᠤᠶᠠᠷ ᠲᠤ ︽ᠭᠤᠷᠪᠠ ᠶᠢ ᠨᠠᠶᠢᠳᠠᠪᠤᠷᠢᠵᠢᠭᠤᠯᠵᠤ ᠨᠢᠭᠡ ᠶᠢ ᠰᠢᠢᠳᠪᠦᠷᠢᠯᠡᠬᠦ︾ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠭᠤᠮᠣᠳᠠᠯ ᠱᠠᠭᠠᠷᠳᠠᠯᠭ᠎ᠠ ᠨᠢ ᠵᠦᠢ ᠵᠣᠬᠢᠰᠲᠠᠢ ᠪᠠᠶᠢᠪᠠᠯ᠂ ᠪᠣᠳᠠᠲᠠᠢ ᠪᠠᠷ ᠰᠢᠢᠳᠪᠦᠷᠢᠯᠡᠬᠦ ᠬᠡᠷᠡᠭᠲᠡᠢ  ᠃ ᠭᠤᠮᠣᠳᠠᠯ ᠱᠠᠭᠠᠷᠳᠠᠯᠭ᠎ᠠ ᠨᠢ ᠵᠦᠢ ᠵᠣᠬᠢᠰ ᠦᠭᠡᠢ ᠪᠠᠶᠢᠪᠠᠯ᠂ ᠰᠤᠷᠭᠠᠨ ᠬᠥᠮᠦᠵᠢᠯ ᠤᠨ ᠲᠠᠶᠢᠯᠪᠤᠷᠢᠯᠠᠯᠲᠠ ᠶᠢ ᠪᠣᠳᠠᠲᠠᠶᠢᠵᠢᠭᠤᠯᠤᠨ᠎ᠠ  ᠃ ᠠᠮᠢᠳᠤᠷᠠᠯ ᠨᠢ ᠬᠦᠴᠢᠷᠳᠡᠯ ᠲᠠᠢ ᠶᠢ ᠨᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠪᠣᠳᠠᠲᠠᠶᠢᠵᠢᠭᠤᠯᠤᠨ᠎ᠠ᠃ ᠶᠣᠰᠣ ᠪᠤᠰᠤ ᠪᠠᠷ ᠵᠢᠭᠤᠷᠠᠯᠳᠤᠨ ᠰᠤᠷᠪᠤᠯᠵᠢᠯᠠᠭᠰᠠᠨ᠂ ᠦᠢᠮᠡᠭᠦᠯᠦᠨ ᠰᠤᠷᠪᠤᠯᠵᠢᠯᠠᠭᠰᠠᠨ᠂ ᠬᠡᠪ ᠤᠨ ᠪᠤᠰᠤ ᠪᠠᠷ ᠳᠡᠭᠡᠭᠰᠢ ᠰᠣᠷᠪᠣᠯᠵᠢᠯᠠᠭᠰᠠᠳ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ ᠭᠤᠷᠪᠠ ᠳᠤ ᠬᠡᠷᠡᠭ ᠢ ᠳᠠᠭᠠᠭᠠᠴᠢᠯᠠᠭᠰᠠᠨ ᠤᠳᠤᠷᠢᠳᠤᠯᠭ᠎ᠠ ᠳᠡᠭᠡᠭᠰᠢ ᠰᠤᠷᠪᠤᠯᠵᠢᠯᠠᠭᠰᠠᠨ ᠭᠡᠷ ᠪᠦᠯᠢ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠬᠦᠷᠴᠦ ᠣᠶᠢᠯᠠᠭᠠᠨ᠂ ᠬᠠᠪᠰᠤᠷᠤᠨ ᠲᠡᠳᠬᠦᠵᠦ ᠲᠣᠬᠤᠨᠢᠭᠤᠯᠵᠤ᠂ ᠠᠷᠠᠳ ᠤᠨ ᠪᠠᠶᠢᠳᠠᠯ ᠢ ᠪᠡᠶ᠎ᠡ ᠪᠠᠷ ᠢᠶᠠᠨ ᠣᠶᠢᠯᠠᠭᠠᠵᠤ᠂ ᠲᠡᠳᠡᠨ ᠢ ᠬᠦᠨᠳᠦᠳᠬᠡᠨ ᠦᠵᠡᠵᠦ ᠪᠠᠶᠢᠬᠤ ᠶᠢ ᠵᠠᠬᠢᠳᠠᠯ ᠰᠣᠷᠪᠤᠯᠵᠢᠯᠠᠭ᠎ᠠ ᠬᠢᠭᠰᠡᠨ ᠤᠯᠠᠨ ᠲᠦᠮᠡᠨ ᠳᠤ ᠦᠨᠡᠨ ᠰᠡᠳᠬᠢᠯ ᠠᠴᠠ ᠪᠠᠨ ᠮᠡᠳᠡᠭᠦᠯᠵᠦ᠂ ᠨᠠᠮ ᠪᠠ ᠵᠠᠰᠠᠭ ᠤᠨ ᠣᠷᠳᠣᠨ ᠤ  ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠦᠵᠡᠯ ᠰᠠᠨᠠᠭᠠᠨ ᠤ ᠲᠠᠯ᠎ᠠ ᠠᠴᠠ ᠡᠰᠡᠷᠭᠦᠴᠡᠯᠳᠦᠬᠦ ᠰᠡᠳᠬᠢᠯᠭᠡ ᠶᠢ ᠨᠢ ᠠᠷᠢᠯᠭᠠᠬᠤ ᠬᠡᠷᠡᠭᠲᠡᠢ᠃ ᠳᠥᠷᠪᠡ ᠳᠤ᠂ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠵᠢᠯᠣᠭᠤᠳᠤᠯᠭ᠎ᠠ ᠪᠠᠨ ᠴᠢᠩᠭᠠᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠺᠠᠳ᠋ᠷ ᠠᠵᠢᠯᠲᠠᠨ ᠤ ᠬᠦᠴᠢᠷ ᠪᠡᠷᠬᠡᠰᠢᠶᠡᠯ ᠤᠨ ᠵᠢᠭᠠᠯᠲᠠ ᠲᠤᠭ᠎ᠠ ᠪᠠᠷ ᠠᠷᠠᠳ ᠤᠯᠠᠨ ᠤ ᠵᠣᠯ ᠵᠢᠷᠭᠠᠯ ᠠᠮᠤᠷ ᠲᠦᠪᠰᠢᠨ ᠤ ᠵᠢᠭᠠᠯᠲᠠ ᠲᠤᠭ᠎ᠠ ᠶᠢ ᠰᠣᠯᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠣᠯᠣᠨ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ  ᠬᠤᠷᠠᠯᠳᠤᠭᠤᠯᠬᠤ ᠶᠢ ᠤᠭᠲᠤᠬᠤ ᠬᠡᠷᠡᠭᠲᠡᠢ  ᠭᠡᠵᠦ  ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1