ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ | ᠠᠷᠭ᠎ᠠ︾ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ | ᠲᠣᠭᠲᠠᠭᠤᠨ ᠢᠶᠠᠷ ᠳᠡᠭᠡᠭᠰᠢᠯᠡᠭᠦᠯᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠠᠷᠠᠳ ᠤᠨ ᠠᠮᠢᠳᠤᠷᠠᠯ ᠢ ᠪᠠᠲᠤᠯᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠱᠠᠭᠠᠷᠳᠠᠯᠭ᠎ᠠ ᠪᠠᠷ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠶᠢᠷ᠎ᠠ ᠳᠤ ︽2022 ᠣᠨ ᠤ ᠪᠥᠬᠦ ᠣᠷᠣᠨ ᠤ | ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ ︵ | ᠥᠪᠥᠷ ᠵᠠᠰᠠᠭ ᠥᠰᠥᠭ ﹇2022﹈ 40 ᠳ᠋ᠦ᠋ᠭᠡᠷ ᠲᠣᠭᠠᠲᠤ︶ ︵ᠳᠣᠷᠣᠭᠰᠢ ︽ᠠᠪᠤᠷᠠᠨ ᠲᠤᠰᠠᠯᠠᠬᠤ ᠪᠠᠷᠢᠮᠵᠢᠶ᠎ᠠ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠳ᠂ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ | ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠂ ᠡᠯ᠎ᠡ ᠭᠠᠵᠠᠷ ᠣᠷᠣᠨ 6 ᠳ᠋ᠤᠭᠠᠷ ᠰᠠᠷ᠎ᠠ ᠶᠢᠨ 10 ᠤ ᠡᠳᠦᠷ ᠠᠴᠠ | ᠡᠮᠦᠨ᠎ᠡ ᠰᠢᠨ᠎ᠡ ᠪᠠᠷᠢᠮᠵᠢᠶ᠎ᠠ ᠶᠣᠰᠣᠭᠠᠷ ᠳᠡᠭᠡᠷ᠎ᠡ ᠬᠠᠭᠠᠰ ᠵᠢᠯ ᠤᠨ ᠪᠠᠯᠠ ᠮᠥᠩᠭᠦ ᠶᠢ ᠨᠥᠬᠦᠪᠥᠷᠢᠯᠡᠵᠦ | ᠳᠠᠭᠤᠰᠬᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠮᠥᠩᠭᠦ ᠶᠢ ᠰᠠᠷ᠎ᠠ | ᠰᠠᠷ᠎ᠠ ᠪᠠᠷ ᠲᠠᠷᠬᠠᠭᠠᠬᠤ ᠬᠡᠷᠡᠭᠲᠡᠶ ᠭᠡᠵᠦ ᠱᠠᠭᠠᠷᠳᠠᠪᠠ᠃ ︽ᠠᠪᠤᠷᠠᠨ ᠲᠤᠰᠠᠯᠠᠬᠤ ᠪᠠᠷᠢᠮᠵᠢᠶ᠎ᠠ︾ ᠶᠢᠨ ᠬᠠᠮᠢᠶ᠎ᠠ ᠪᠥᠬᠦᠶ | ᠠᠭᠤᠯᠭᠠᠶᠢ ᠨᠡᠶᠢᠭᠡᠮ ᠨᠡᠶᠢᠲᠡ ᠳᠤ ᠥᠷᠭᠡᠨ ᠢᠶᠠᠷ ᠵᠥᠪ ᠣᠶᠢᠯᠠᠭᠠᠭᠤᠯᠬᠤ ᠶᠢᠨ ᠲᠤᠯᠠᠳᠠ ᠡᠳᠦᠭᠡ ᠳᠠᠷᠠᠭᠠᠬᠢ ᠮᠡᠲᠦ | ᠲᠠᠶᠢᠯᠤᠮᠵᠢ ᠬᠢᠪᠡ᠃ | ᠨᠢᠭᠡ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠨᠢ ᠬᠦᠴᠢᠷᠳᠡᠯ ᠲᠠᠢ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠲᠥᠷᠥ ᠶᠢᠨ ᠶᠠᠪᠤᠳᠠᠯ ᠤᠨ ᠬᠤᠷᠢᠶᠠᠨ ᠤ ︽ | ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠠᠷᠪᠠᠳᠤᠭᠠᠷ ᠵᠦᠢᠯ ᠢ | ᠦᠨᠳᠦᠰᠦᠯᠡᠪᠡᠯ᠄ ︽ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠤᠶᠤ ᠲᠣᠭᠤᠷᠢᠭ | ᠪᠥᠬᠦᠶ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠪᠠᠨ ᠰᠠᠭᠤᠭᠠᠯᠢ | ᠠᠷᠠᠳ ᠤᠨ ᠠᠮᠢᠳᠤᠷᠠᠯ ᠤᠨ ᠴᠢᠬᠤᠯᠠ ᠪᠥᠬᠦᠶ ᠵᠠᠷᠤᠳᠠᠯ ᠤᠳ ᠢ ᠦᠨᠳᠦᠰᠦᠯᠡᠨ ᠠᠮᠢᠳᠤᠷᠠᠯᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠵᠤ ᠨᠡᠶᠢᠲᠡᠯᠡᠬᠦ︾ ᠪᠠ ᠠᠷᠪᠠᠨ ᠲᠠᠪᠤᠳᠤᠭᠠᠷ ᠵᠦᠢᠯ ᠳᠤ᠄ ︽ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠤᠶᠤ ᠲᠣᠭᠤᠷᠢᠭ ᠪᠥᠬᠦᠶ ᠬᠤᠲᠠ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ ᠣᠨᠴᠠ ᠬᠦᠴᠢᠷᠳᠡᠯ ᠲᠠᠢ ᠬᠥᠮᠦᠰᠢ ᠠᠰᠠᠷᠠᠨ ᠲᠡᠵᠢᠭᠡᠬᠦ ᠪᠠᠷᠢᠮᠵᠢᠶ᠎ᠠ ᠶᠢ | ᠲᠣᠭᠲᠠᠭᠠᠵᠤ ᠨᠡᠶᠢᠲᠡᠯᠡᠨ᠎ᠡ︾ ᠭᠡᠵᠦ ᠲᠣᠭᠲᠠᠭᠠᠵᠠᠶ᠃ ᠡᠭᠦᠨ ᠤ ᠬᠠᠮᠲᠤ᠂ ︽ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ | ᠠᠯᠪᠠᠨ ᠲᠠᠷᠬᠠᠭᠠᠭᠰᠠᠨ ﹇2015﹈ 94 ᠳ᠋ᠦ᠋ᠭᠡᠷ ᠲᠣᠭᠠᠲᠤ︶ ᠤᠨ ᠠᠷᠪᠠᠳᠤᠭᠠᠷ ᠵᠦᠢᠯ ᠢ ᠦᠨᠳᠦᠰᠦᠯᠡᠪᠡᠯ᠄ ︽ | ᠡᠯ᠎ᠡ ᠭᠠᠵᠠᠷ ᠣᠷᠣᠨ ᠨᠤᠭᠤᠳ ᠲᠤᠬᠠᠶ ᠶᠢᠨ ᠭᠠᠵᠠᠷ ᠤᠨ ᠪᠠᠨ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ | ᠪᠥᠬᠦᠶ ᠵᠠᠷᠤᠳᠠᠯ ᠢ ᠦᠨᠳᠦᠰᠦᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ | ᠲᠣᠭᠲᠠᠭᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠬᠢᠨᠠᠨ ᠬᠠᠷᠭᠤᠭᠤᠯᠤᠭᠤᠯᠤᠨ ᠨᠡᠶᠢᠲᠡᠯᠡᠭᠦᠯᠬᠦ ᠶᠢᠨ ᠬᠠᠮᠲᠤ ᠴᠠᠭ ᠲᠤᠬᠠᠢ ᠳᠤ ᠨᠢ ᠳᠣᠬᠢᠷᠠᠭᠤᠯᠬᠤ︾ ᠪᠠ ᠠᠷᠪᠠᠨ | ᠨᠠᠢᠮᠠᠳᠤᠭᠠᠷ ᠵᠦᠢᠯ ᠳᠤ᠄ ︽ᠡᠯ᠎ᠡ ᠭᠠᠵᠠᠷ ᠣᠷᠣᠨ ᠨᠤᠭᠤᠳ ᠲᠤᠬᠠᠶ ᠶᠢᠨ ᠭᠠᠵᠠᠷ ᠤᠨ ᠪᠠᠨ ᠰᠠᠭᠤᠭᠠᠯᠢ ᠠᠷᠠᠳ ᠤᠨ | ᠬᠥᠮᠦᠨ ᠪᠦᠷᠢ ᠶᠢᠨ ᠳᠤᠮᠳᠠᠴᠢ ᠬᠡᠷᠡᠭᠯᠡᠭᠡᠨ ᠤ ᠬᠢᠷᠢ ᠲᠥᠪᠰᠢᠨ ᠬᠢᠭᠡᠳ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ | ᠪᠠᠷᠢᠮᠵᠢᠶ᠎ᠠ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠨᠠᠨ | ᠬᠠᠷᠭᠤᠭᠤᠯᠵᠤ ᠨᠡᠶᠢᠲᠡᠯᠡᠬᠦ ᠶᠢᠨ ᠬᠠᠮᠲᠤ ᠴᠠᠭ ᠲᠣᠬᠠᠢ ᠳᠤ ᠨᠢ ᠲᠤᠬᠢᠷᠠᠭᠤᠯᠤᠯᠳᠠ ᠬᠢᠬᠦ ᠬᠡᠷᠡᠭᠲᠡᠢ︾ ᠭᠡᠵᠦ | ᠲᠣᠭᠲᠠᠭᠠᠵᠠᠶ᠃ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠠᠭᠰᠠᠨᠨᠢ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠠ ᠠᠷᠪᠠ ᠶᠢᠰᠦᠳᠦᠭᠡᠷ ᠶᠡᠭᠡ ᠬᠤᠷᠠᠯ ᠤᠨ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠦᠴᠢᠷᠳᠡᠯᠲᠡᠢ ᠤᠯᠠᠨ | ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ | ᠬᠦᠴᠢᠷᠳᠡᠯᠲᠡᠢ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠪᠣᠯ ᠲᠥᠪ ᠤᠨ ᠠᠵᠤ ᠠᠬᠤᠶ ᠶᠢᠨ | ᠠᠵᠢᠯ ᠤᠨ ᠬᠤᠷᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠪᠣᠳᠠᠲᠠᠶ ᠠᠷᠭ᠎ᠠ ᠬᠡᠮᠵᠢᠶ᠎ᠡ ᠮᠥᠨ 2021 ᠣᠨ ᠤ 12 ᠳ᠋ᠤᠭᠠᠷ ᠰᠠᠷ᠎ᠠ ᠳᠤ | ᠬᠤᠷᠠᠯᠳᠤᠭᠤᠯᠤᠭᠰᠠᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠳᠤ ︽ᠵᠠᠩᠭᠢᠯᠠᠭ᠎ᠠ ᠶᠢᠨ ᠴᠠᠭ᠂ | ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ︾ ︽ | ᠠᠷᠠᠳ ᠤᠨ ᠠᠮᠢᠳᠤᠷᠠᠯ ᠢᠯᠠᠩᠭᠤᠶ᠎ᠠ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠶ | ᠪᠠᠲᠤᠯᠠᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︾ ᠭᠡᠵᠦ ᠲᠣᠳᠣᠷᠬᠠᠶ ᠲᠣᠭᠲᠠᠭᠠᠵᠠᠶ᠃ ᠥᠪᠡᠷᠲᠡᠭᠡᠨ | ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 2022 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ | ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠤᠳᠠᠭ᠎ᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ︽ | ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ | ᠬᠡᠷᠡᠭᠲᠡᠶ︾ ᠭᠡᠵᠦ ᠲᠣᠳᠣᠷᠬᠠᠶ ᠳᠤᠷᠠᠳᠤᠨ ᠭᠠᠷᠭᠠᠪᠠ᠃ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ | ᠪᠠᠷᠢᠮᠵᠢᠶ᠎ᠠ ᠶᠢ ᠵᠢᠷᠤᠮᠵᠢᠭᠤᠯᠤᠨ ᠳᠣᠭᠢᠷᠠᠭᠤᠯᠵᠤ᠂ ᠪᠥᠬᠦ ᠣᠷᠣᠨ ᠤ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ | ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠪᠣᠯ ᠥᠪᠡᠷᠲᠡᠭᠡᠨ ᠵᠠᠰᠠᠬᠤ ᠣᠷᠣᠨ ᠤ | ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯ ᠲᠠᠢ ᠣᠯᠠᠨ ᠲᠦᠮᠡᠨ ᠳᠤ ᠥᠭᠡᠷᠡᠴᠢᠯᠡᠯᠲᠡ | ᠬᠥᠭᠵᠢᠯᠲᠡ ᠶᠢᠨ ᠦᠷ᠎ᠡ ᠪᠦᠲᠦᠭᠡᠯ ᠢ ᠴᠠᠭ ᠲᠤᠬᠠᠶ ᠳᠤ ᠨᠢ ᠭᠦᠢᠴᠡᠳ ᠡᠳ᠋ᠯᠡᠭᠦᠯᠬᠦ ᠪᠣᠳᠠᠲᠠᠶ ᠠᠷᠭ᠎ᠠ ᠬᠡᠮᠵᠢᠶ᠎ᠡ ᠮᠥᠨ | ᠃ | ᠭᠤᠷᠪᠠ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠨᠢ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠪᠣᠳᠠᠲᠤ ᠪᠠᠶᠢᠳᠠᠯ ᠲᠠᠢ ᠨᠡᠶᠢᠴᠡᠵᠦ ᠪᠤᠢ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠢᠨᠠᠨ ᠲᠣᠭᠲᠠᠭᠠᠭᠰᠠᠨ ᠪᠠᠶᠢᠳᠠᠯ ᠠᠴᠠ ᠦᠵᠡᠪᠡᠯ᠂ ᠡᠯ᠎ᠡ ᠠᠶᠢᠮᠠᠭ | ᠬᠤᠲᠠ ᠶᠢᠨ ᠳᠡᠭᠡᠷ᠎ᠡ ᠱᠠᠲᠤᠨ ᠳᠤ ᠮᠡᠳᠡᠭᠦᠯᠦᠭᠰᠡᠨ ᠪᠠᠷᠢᠮᠵᠢᠶ᠎ᠠ ᠪᠠᠷ ᠲᠥᠰᠦᠭᠡᠯᠡᠨ ᠪᠤᠳᠤᠪᠠᠯ᠂ 2022 ᠣᠨ ᠳᠤ | ᠪᠥᠬᠦ ᠣᠷᠣᠨ ᠤ ᠬᠤᠲᠠ ᠶᠢᠨ ᠠᠷᠠᠳ ᠤᠨ ᠠᠮᠢᠳᠤᠷᠠᠯ ᠤᠨ ᠨᠠᠭᠠᠳᠤ ᠵᠠᠬᠠᠶᠢᠨ ᠪᠠᠲᠤᠯᠠᠭ᠎ᠠ ᠶᠢᠨ ᠳᠤᠮᠳᠠᠴᠢ | ᠪᠠᠷᠢᠮᠵᠢᠶ᠎ᠠ ᠰᠠᠷ᠎ᠠ ᠳᠤ 813 ᠲᠥᠭᠦᠷᠢᠭ ᠲᠤ ᠬᠦᠷᠴᠦ᠂ ᠨᠢᠳᠤᠨᠤᠨ ᠵᠢᠯᠤᠨ ᠬᠢ ᠠᠴᠠ 41 ᠲᠥᠭᠦᠷᠢᠭ ᠨᠡᠮᠡᠭᠳᠡᠵᠦ᠂ | ᠨᠡᠮᠡᠭᠳᠡᠯ ᠤᠨ ᠬᠡᠮᠵᠢᠶ᠎ᠡ ᠨᠢ 5.3% ᠪᠣᠯᠣᠨ᠎ᠠ︔ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠨᠢ ᠵᠢᠯ ᠳᠤ 7320 ᠲᠥᠭᠦᠷᠢᠭ ᠲᠤ ᠬᠦᠷᠴᠦ᠂ | ᠳᠡᠭᠡᠷ᠎ᠡ ᠵᠢᠯ ᠤᠨ ᠬᠢ ᠠᠴᠠ 589 ᠲᠥᠭᠦᠷᠢᠭ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 8.8% ᠪᠣᠯᠤᠨ᠎ᠠ᠃ | ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠵᠥᠷᠢᠶ᠎ᠡ ᠤᠯᠠᠮ ᠨᠢᠭᠡ | ᠠᠯᠬᠤᠮ ᠪᠠᠭᠠᠰᠴᠤ ᠮᠠᠨ ᠤ ᠣᠷᠣᠨ ᠤ ᠪᠣᠳᠠᠲᠤ ᠪᠠᠶᠢᠳᠠᠯ ᠲᠠᠢ ᠨᠡᠶᠢᠴᠡᠨ᠎ᠡ᠃ ᠣᠨᠴᠠ ᠬᠦᠴᠢᠷᠳᠡᠯ ᠲᠠᠢ ᠬᠥᠮᠦᠰ ᠢ | ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ ᠶᠢ ᠬᠢᠨᠠᠨ ᠲᠣᠭᠲᠠᠭᠠᠭᠰᠠᠨ ᠪᠠᠶᠢᠳᠠᠯ ᠠᠴᠠ ᠦᠵᠡᠪᠡᠯ᠂ ︽ | ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ ᠪᠠ ᠠᠮᠢᠳᠤᠷᠠᠯ ᠢᠶᠠᠨ ᠠᠷᠭᠠᠴᠠᠭᠠᠬᠤ | ᠴᠢᠳᠠᠪᠤᠷᠢ ᠪᠠᠨ ᠪᠦᠷᠢᠮᠦᠰᠦᠨ ᠠᠯᠳᠠᠭᠰᠠᠨ ᠣᠨᠴᠠ ᠬᠦᠴᠢᠷᠳᠡᠯ ᠲᠠᠢ ᠬᠥᠮᠦᠰ ᠢ ᠬᠠᠷᠠᠭᠠᠯᠵᠠᠨ ᠰᠤᠪᠢᠯᠠᠬᠤ | ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠳᠤᠨᠤᠨ ᠵᠢᠯ ᠤᠨ ᠪᠥᠬᠦ ᠣᠷᠣᠨ ᠤ ᠳᠤᠮᠳᠠᠴᠢ ᠨᠠᠭᠠᠳᠤ ᠵᠠᠬ᠎ᠠ ᠶᠢᠨ | ᠴᠠᠯᠢᠩ ᠤᠨ ᠪᠠᠷᠢᠮᠵᠢᠶ᠎ᠠ ᠶᠢᠨ 25%᠂ 65% ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠱᠠᠭᠠᠷᠳᠠᠯᠭ᠎ᠠ︾ ᠶᠢ | ᠨᠠᠶᠢᠳᠠᠪᠤᠷᠢᠵᠢᠭᠤᠯᠬᠤ ᠶᠢᠨ ᠲᠤᠰᠠᠳᠠ᠂ 2022 ᠣᠨ ᠳᠤ ᠪᠥᠬᠦ ᠣᠷᠣᠨ ᠤ ᠬᠤᠲᠠ ᠶᠢᠨ ᠣᠨᠴᠠ ᠬᠦᠴᠢᠷᠳᠡᠯ ᠲᠠᠢ | ᠬᠥᠮᠦᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ ᠰᠠᠷ᠎ᠠ ᠳᠤ 1358 | ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 50 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ | ᠬᠡᠮᠵᠢᠶ᠎ᠡ ᠶᠢ 3.8% ᠪᠣᠯᠭᠠᠪᠠ︔ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯ ᠲᠠᠢ | ᠬᠥᠮᠦᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ ᠵᠢᠯ ᠳᠤ 11259 | ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 726 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ | ᠬᠡᠮᠵᠢᠶ᠎ᠡ ᠶᠢ 6. 9% ᠪᠣᠯᠭᠠᠪᠠ︔ ᠪᠥᠬᠦ ᠣᠷᠣᠨ ᠤ ᠣᠨᠴᠠ ᠬᠦᠴᠢᠷᠳᠡᠯ ᠲᠠᠢ ᠬᠥᠮᠦᠰ ᠤᠨ ᠠᠮᠢᠳᠤᠷᠠᠯ ᠢᠶᠠᠨ | ᠠᠷᠭᠠᠴᠠᠭᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠳ ᠢ ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ | ᠰᠠᠷ᠎ᠠ ᠳᠤ 494 ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 63 ᠲᠥᠭᠦᠷᠢᠭ ᠨᠡᠮᠡᠭᠳᠡᠭᠦᠯᠵᠦ᠂ | ᠨᠡᠮᠡᠭᠳᠡᠯ ᠤᠨ ᠬᠡᠮᠵᠢᠶ᠎ᠡ ᠶᠢ 14.6% ᠪᠣᠯᠭᠠᠪᠠ︔ ᠪᠥᠬᠦ ᠣᠷᠣᠨ ᠤ ᠣᠨᠴᠠ ᠬᠦᠴᠢᠷᠳᠡᠯ ᠲᠠᠢ ᠬᠥᠮᠦᠰ ᠤᠨ | ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠳ ᠢ ᠠᠰᠠᠷᠠᠨ ᠰᠤᠪᠢᠯᠠᠬᠤ ᠳᠤᠮᠳᠠᠴᠢ | ᠪᠠᠷᠢᠮᠵᠢᠶ᠎ᠠ ᠶᠢ ᠰᠠᠷ᠎ᠠ ᠳᠤ 1265 ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 178 | ᠲᠥᠭᠦᠷᠢᠭ ᠨᠡᠮᠡᠭᠳᠡᠭᠦᠯᠵᠦ᠂ 16.4% ᠪᠠᠷ ᠨᠡᠮᠡᠭᠳᠡᠭᠦᠯᠵᠡᠢ᠃ | |