ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠᠶᠢᠨ | ᠲᠣᠪᠴᠢᠶ᠎ᠠ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ︽ᠡᠮᠴᠢᠯᠡᠭᠡᠨ ᠤ ᠳᠠᠭᠠᠳᠬᠠᠯ ᠢᠶᠠᠷ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠥᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠳᠤ ᠲᠠᠶᠢᠯᠤᠮᠵᠢ ᠬᠢᠶ᠎ᠡ᠃ | ᠨᠢᠭᠡ᠂ ︽ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠭᠰᠡᠨ ᠠᠬᠤᠶ ᠪᠠᠶᠢᠳᠠᠯ | ᠡᠮᠴᠢᠯᠡᠭᠡᠨ ᠤ ᠪᠠᠲᠤᠯᠠᠭ᠎ᠠ ᠪᠣᠯ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ | ᠠᠷᠠᠳ ᠲᠦᠮᠡᠨ ᠤ ᠵᠣᠯ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ | ᠬᠠᠮᠠᠭᠠᠯᠠᠬᠤ ᠴᠢᠬᠤᠯᠠ ᠶᠡᠭᠡ ᠲᠦᠷᠢᠮ ᠤᠨ ᠲᠤᠬᠢᠷᠠᠭᠤᠯᠤᠯᠳᠠ ᠪᠠᠶᠢᠵᠤ᠂ ᠡᠮᠴᠢᠯᠡᠭᠡᠨ ᠤ ᠡᠬᠢ ᠪᠠᠶᠠᠯᠢᠭ ᠤᠨ | ᠵᠣᠬᠢᠰᠲᠠᠢ ᠲᠤᠬᠢᠷᠠᠭᠤᠯᠤᠯᠳᠠ ᠶᠢ ᠵᠣᠬᠢᠴᠠᠭᠤᠯᠬᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠳᠡᠭ᠃ ᠡᠮᠴᠢᠯᠡᠭᠡᠨ ᠤ | ᠳᠠᠭᠠᠳᠬᠠᠯ ᠤᠨ ᠡᠭᠦᠷᠭᠡ ᠴᠢᠳᠠᠪᠬᠢ ᠪᠠ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠲᠠᠳ ᠡᠮ ᠡᠮᠨᠡᠯᠭᠡ ᠶᠢᠨ | ᠡᠮᠴᠢᠯᠡᠭᠡᠨ ᠤ ᠳᠠᠭᠠᠳᠬᠠᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠤᠯᠠᠮ ᠴᠢᠨᠠᠭᠰᠢᠲᠠ ᠪᠦᠷᠢᠨᠰᠢᠭᠦᠯᠬᠦ ᠪᠣᠯ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ᠂ ᠮᠥᠨ ᠴᠤ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠮᠴᠢᠯᠡᠭᠡ ᠡᠷᠡᠭᠦᠯ | ᠮᠡᠨᠳᠦ ᠶᠢᠨ ᠬᠡᠷᠡᠭᠴᠡᠭᠡ ᠶᠢ ᠬᠠᠩᠭᠠᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠶᠤᠮ᠃ ︽ᠡᠮᠴᠢᠯᠡᠭᠡᠨ ᠤ | ᠳᠠᠭᠠᠳᠬᠠᠯ ᠢᠶᠠᠷ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ | ᠳᠡᠮᠵᠢᠬᠦ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠬᠢᠲᠠᠳ ᠡᠮ ᠡᠮᠨᠡᠯᠭᠡ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠣᠭᠤᠳᠬᠤ ᠰᠠᠨᠠᠯ︾ ᠤᠨ ᠵᠣᠷᠢᠭ ᠰᠠᠨᠠᠭ᠎ᠠ ᠶᠣᠰᠣᠭᠠᠷ᠂ ᠥᠪᠡᠷᠲᠡᠭᠡᠨ | ᠵᠠᠰᠠᠬᠤ ᠣᠷᠣᠨ ᠤ ᠡᠮᠴᠢᠯᠡᠭᠡᠨᠤ ᠪᠠᠲᠤᠯᠠᠭ᠎ᠠ ᠶᠢᠨ ᠲᠣᠪᠴᠢᠶ᠎ᠠ ᠨᠢ ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ | ︽ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠭᠰᠠᠨ ᠪᠠᠶᠢᠨ᠎ᠠ᠃ | ᠬᠤᠶᠠᠷ᠂ ︽ᠠᠷᠭ᠎ᠠ ᠬᠡᠮᠵᠢᠶ᠎ᠡ ᠨᠦᠭᠦᠳ︾ ᠤᠨ ᠭᠤᠣᠯ ᠠᠭᠤᠯᠭ᠎ᠠ | ︽ᠠᠷᠭ᠎ᠠ ᠬᠡᠮᠵᠢᠶ᠎ᠡ ᠨᠦᠭᠦᠳ︾ ᠨᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠲᠠᠯ᠎ᠠ ᠪᠠᠷ᠂ ᠭᠤᠤᠯᠳᠠᠭᠤ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠳᠡᠮᠵᠢᠬᠦ᠂ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠠᠭᠤᠯᠤᠭᠳᠠᠬᠤᠨ ᠤ ᠬᠥᠭᠵᠢᠯᠲᠡ ᠶᠢ ᠳᠡᠮᠵᠢᠬᠦ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨᠤ ᠦᠨ᠎ᠡ ᠬᠠᠩᠰᠢ ᠶᠢᠨ ᠲᠣᠭᠲᠠᠯᠴᠠᠭ᠎ᠠ ᠶᠢ | ᠪᠦᠷᠢᠨᠰᠢᠭᠦᠯᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠤ ᠳᠣᠭᠢᠷᠠᠭᠰᠠᠨ ᠲᠣᠭᠠᠴᠠᠭ᠎ᠠ | ᠬᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ ᠵᠡᠷᠭᠡ ᠶᠢ ᠳᠤᠷᠠᠳᠪᠠ᠃ ᠡᠭᠦᠨ ᠤ ᠬᠠᠮᠲᠤ᠂ ᠰᠠᠭᠤᠷᠢ ᠮᠥᠩᠭᠦᠨ ᠤ | ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠢᠴᠢ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠬᠦ ᠪᠣᠳᠠᠲᠠᠶ ᠱᠠᠭᠠᠷᠳᠠᠯᠭ᠎ᠠ ᠳᠤᠷᠠᠳᠴᠠᠢ᠃ | ᠭᠤᠷᠪᠠ᠂ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠳᠡᠮᠵᠢᠬᠦ ᠲᠠᠯ᠎ᠠ ᠪᠠᠷ | ᠨᠢᠭᠡ᠂ ᠨᠥᠬᠦᠴᠡᠯ ᠳᠤ ᠨᠡᠶᠢᠴᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ | ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠢᠵᠢᠭᠯᠡᠨ ᠬᠤᠳᠠᠯᠳᠤᠬᠤ ᠡᠮ ᠤᠨ | ᠳᠡᠯᠭᠡᠭᠦᠷ ᠵᠡᠷᠭᠡ ᠶᠢ ᠴᠠᠭ ᠲᠤᠬᠠᠶ ᠳᠤ ᠨᠢ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠵᠥᠪᠳᠡᠯᠴᠡᠬᠡᠷ ᠤᠨ | ᠬᠠᠮᠢᠶᠠᠷᠤᠯᠲᠠ ᠳᠤ ᠣᠷᠣᠭᠤᠯᠤᠨ᠎ᠠ︔ | ᠬᠤᠶᠠᠷ᠂ ᠨᠥᠬᠦᠴᠡᠯ ᠳᠤ ᠨᠡᠶᠢᠴᠡᠬᠦ ᠴᠡᠭ ᠲᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ ᠢ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ | ᠳ᠋ᠦᠩᠨᠡᠨ ᠪᠤᠳᠤᠬᠤ ᠴᠡᠭ ᠲᠣᠭᠲᠠᠭᠠᠭᠰᠠᠨ ᠬᠡᠪᠴᠢᠶᠡᠨ ᠳᠤ ᠴᠠᠭ ᠲᠤᠬᠠᠶ ᠳᠤ ᠨᠢ ᠣᠷᠣᠭᠤᠯᠤᠨ᠎ᠠ︔ | ᠭᠤᠷᠪᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠵᠥᠪᠰᠢᠶᠡᠷᠡᠯ ᠢᠶᠠᠷ ᠢᠨᠲ᠋ᠧᠷ ᠰᠦᠯᠵᠢᠶᠡᠨ ᠳᠡᠭᠡᠷ᠎ᠡ ᠣᠨᠣᠰᠢᠯᠠᠨ ᠡᠮᠨᠡᠬᠦ ᠦᠢᠯᠡᠴᠢᠯᠡᠭᠡ ᠥᠷᠨᠢᠭᠦᠯᠦᠭᠰᠡᠨ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ ᠢ ᠴᠠᠭ ᠲᠤᠬᠠᠶ ᠳᠤ ᠨᠢ ︽ | ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢᠨ ᠴᠡᠭ ᠲᠣᠭᠲᠠᠭᠠᠭᠰᠠᠨ ᠬᠡᠪᠴᠢᠶᠡᠨ ᠳᠤ ᠣᠷᠣᠭᠤᠯᠵᠤ᠂ | ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠡᠷᠬᠡ ᠲᠡᠭᠰᠢ ᠪᠠᠷ ᠲᠣᠭᠠᠴᠠᠭ᠎ᠠ ᠬᠢᠬᠦ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠨ᠎ᠡ᠃ | ᠳᠥᠷᠪᠡ᠂ ᠦᠢᠯᠡᠴᠢᠯᠡᠭᠡᠨ ᠤ ᠠᠭᠤᠯᠤᠭᠳᠠᠬᠤᠨ ᠤ ᠬᠥᠭᠵᠢᠯᠲᠡ ᠶᠢ ᠳᠡᠮᠵᠢᠬᠦ ᠲᠠᠯ᠎ᠠ ᠪᠠᠷ | ᠨᠢᠭᠡ᠂ ᠤᠯᠤᠰ ᠠᠴᠠ ᠲᠣᠭᠲᠠᠭᠠᠭᠰᠠᠨ ᠳᠣᠭᠢᠷᠠᠭᠤᠯᠬᠤ ᠡᠷᠬᠡ ᠶᠢᠨ ᠬᠢᠵᠠᠭᠠᠷ ᠪᠠ ᠲᠠᠰ ᠳᠠᠷᠠᠭᠠᠯᠠᠯ ᠤᠨ | ᠶᠣᠰᠣᠭᠠᠷ᠂ ᠨᠥᠬᠦᠴᠡᠯ ᠳᠤ ᠨᠡᠶᠢᠴᠡᠬᠦ ᠮᠣᠩᠭᠤᠯ ᠪᠡᠯᠡᠨ ᠡᠮ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠭ᠎ᠠ ᠡᠮ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠨᠠᠬᠤ ᠡᠮ ᠢ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠨᠤᠭᠤᠳ ᠤᠨ | ᠬᠤᠭᠤᠷᠣᠨᠳᠣ ᠳᠣᠭᠢᠷᠠᠭᠤᠯᠤᠨ ᠬᠡᠷᠡᠭᠯᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠨᠡᠯᠭᠡ ᠶᠢᠨ | ᠬᠤᠷᠢᠶᠠᠨ ᠤ ᠨᠠᠶᠢᠷᠠᠯᠭ᠎ᠠ ᠶᠢ ᠰᠢᠶᠠᠨ ᠤ ᠬᠡᠪᠴᠢᠶᠡᠨ ᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ | ᠬᠤᠯᠪᠤᠭᠠᠲᠤ ᠴᠣᠭᠴᠠ ᠶᠢᠨ ᠳᠣᠲᠤᠭᠠᠳᠤ ᠳᠠᠬᠢ ᠪᠠᠶᠢᠭᠤᠯᠤᠮᠵᠢ ᠨᠤᠭᠤᠳ ᠤᠨ ᠬᠤᠭᠤᠷᠣᠨᠳᠣ ᠳᠣᠭᠢᠷᠠᠭᠤᠯᠤᠨ | ᠬᠡᠷᠡᠭᠯᠡᠵᠦ ᠪᠣᠯᠬᠤ ᠪᠥᠭᠡᠳ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ | ᠬᠤᠶᠠᠷ᠂ ᠡᠮᠴᠢᠯᠡᠭᠡᠨ ᠤ ᠦᠷ᠎ᠡ ᠳ᠋ᠦᠩ ᠨᠢ ᠣᠨᠣᠪᠴᠢᠲᠠᠶ ᠪᠥᠭᠡᠳ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠳᠠᠪᠠᠭᠤᠯᠢᠭ ᠣᠨᠴᠠᠯᠢᠭ ᠢ ᠬᠠᠷᠠᠭᠤᠯᠤᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠲᠣᠬᠢᠷᠠᠮᠵᠢᠲᠠᠢ ᠮᠡᠷᠭᠡᠵᠢᠯ ᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ | ᠭᠤᠷᠪᠠ᠂ ᠬᠦᠨᠳᠦ ᠶᠡᠭᠡ ᠬᠢᠵᠢᠭ ᠢ ᠰᠡᠷᠭᠡᠶᠢᠯᠡᠨ ᠵᠠᠰᠠᠬᠤ ᠦᠶᠡᠰ ᠲᠤ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠢᠳᠡᠪᠬᠢ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠬᠢᠵᠢᠭ ᠢ ᠣᠨᠣᠰᠢᠯᠠᠨ ᠡᠮᠴᠢᠯᠡᠬᠦ | ᠵᠢᠷᠤᠮᠵᠢᠯ ᠳᠤ ᠨᠡᠶᠢᠴᠡᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠠᠷᠤᠳᠠᠯ ᠢ ᠲᠣᠭᠲᠠᠭᠠᠯ | ᠶᠣᠰᠣᠭᠠᠷ ᠲᠦᠷ ᠴᠠᠭ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ | ᠲᠠᠪᠤ᠂ ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠯᠴᠠᠭ᠎ᠠ ᠶᠢ ᠪᠦᠷᠢᠨᠰᠢᠭᠦᠯᠬᠦ ᠲᠠᠯ᠎ᠠ ᠪᠠᠷ | ᠨᠢᠭᠡ᠂ ᠬᠠᠷᠠᠯᠲᠠ ᠪᠠᠷ ᠤᠳᠤᠷᠢᠳᠤᠮᠵᠢ ᠪᠣᠯᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠᠶᠢ ᠪᠠᠶᠢᠭᠤᠯᠵᠤ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠨ᠎ᠡ ᠬᠠᠩᠰᠢ ᠶᠢᠨ ᠲᠥᠷᠥᠯ ᠵᠦᠢᠯ ᠢ | ᠪᠠᠶᠠᠯᠢᠭᠵᠢᠭᠤᠯᠤᠨ᠎ᠠ᠃ ᠡᠷᠲᠡᠨ ᠤ ᠰᠣᠩᠭᠤᠳᠠᠭ ᠪᠦᠲᠦᠭᠡᠯ ᠤᠳ ᠠᠴᠠ ᠢᠷᠡᠯᠲᠡ ᠲᠠᠢ᠂ ᠣᠲᠣ ᠬᠦᠷᠲᠡᠯ᠎ᠡ | ᠥᠷᠭᠡᠨ ᠢᠶᠠᠷ ᠬᠡᠷᠡᠭᠯᠡᠭᠰᠡᠭᠡᠷ ᠪᠠᠶᠢᠭ᠎ᠠ᠂ ᠡᠮᠴᠢᠯᠡᠭᠡᠨ ᠤ ᠦᠷ᠎ᠡ ᠳ᠋ᠦᠩ ᠣᠨᠣᠪᠴᠢᠲᠠᠶ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠤᠯᠠᠮᠵᠢᠯᠠᠯᠲᠤ ᠮᠡᠷᠭᠡᠵᠢᠯ ᠵᠢᠴᠢ ᠰᠢᠨ᠎ᠡ ᠶᠢ ᠡᠭᠦᠳᠬᠦ ᠴᠢᠨᠠᠷᠲᠠᠶ᠂ ᠠᠵᠤ ᠠᠬᠤᠶ ᠶᠢᠨ | ᠴᠢᠨᠠᠷᠲᠠᠶ ᠳᠠᠪᠠᠭᠤᠯᠢᠭ ᠢᠶᠠᠷ ᠲᠣᠪᠤᠶᠢᠮ᠎ᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨ᠎ᠡ | ᠮᠡᠷᠭᠡᠵᠢᠯ ᠳᠤ᠂ ᠰᠢᠨ᠎ᠡ ᠪᠠᠷ ᠨᠡᠮᠡᠭᠳᠡᠭᠰᠡᠨ ᠦᠨ᠎ᠡ ᠬᠠᠩᠰᠢ ᠶᠢᠨ ᠲᠥᠷᠥᠯ ᠵᠦᠢᠯ ᠤᠨ ᠬᠢᠨᠠᠨ ᠬᠠᠷᠭᠤᠭᠤᠯᠬᠤ ᠲᠠᠰ | ᠳᠠᠷᠠᠭᠠᠯᠠᠯ ᠢ ᠳᠥᠭᠦᠮᠴᠢᠯᠡᠵᠦ᠂ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ ᠥᠭᠭᠦᠨ᠎ᠡ᠃ | ᠬᠤᠶᠠᠷ᠂ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠬᠤᠷᠴᠠ ᠰᠡᠷᠭᠡᠭ ᠪᠥᠭᠡᠳ ᠪᠠᠷᠢᠮᠵᠢᠶᠠᠲᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ | ᠬᠥᠳᠡᠯᠦᠩᠭᠦᠶ ᠪᠠᠷ ᠳᠣᠭᠢᠷᠠᠭᠤᠯᠬᠤ ᠶᠢᠨ ᠳᠠᠭᠠᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ ᠭᠤᠤᠯᠳᠠᠯᠭ᠎ᠠ ᠲᠠᠢ ᠪᠣᠳᠣᠯᠬᠢᠯᠠᠨ᠎ᠠ᠃ | ᠭᠤᠷᠪᠠ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ | ᠡᠮ ᠬᠤᠳᠠᠯᠳᠤᠨ ᠠᠪᠬᠤ ᠲᠠᠪᠴᠠᠩ ᠠᠴᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠨᠠᠬᠤ ᠡᠮ ᠢ | ᠬᠤᠳᠠᠯᠳᠤᠨ ᠠᠪᠤᠭᠰᠠᠨ ᠤ ᠳᠠᠷᠠᠭ᠎ᠠ᠂ ᠣᠷᠤᠭᠤᠯᠤᠭᠰᠠᠨ ᠪᠣᠳᠠᠲᠠᠶ ᠦᠨ᠎ᠡ ᠶᠢ ᠴᠢᠩᠭ᠎ᠠ ᠵᠢᠷᠤᠮᠯᠠᠨ 25% ᠠᠴᠠ | ᠬᠡᠲᠦᠷᠡᠭᠦᠯᠬᠦ ᠥᠬᠡᠶ ᠪᠠᠷ ᠦᠨ᠎ᠡ ᠨᠡᠮᠡᠵᠤ ᠪᠣᠷᠣᠯᠠᠭᠤᠯᠤᠨ᠎ᠠ᠃ ᠬᠢᠲᠠᠳ ᠪᠡᠯᠡᠨ ᠡᠮ ︵ᠮᠣᠩᠭᠤᠯ ᠪᠡᠯᠡᠨ ᠡᠮ︶ ᠢ | ᠣᠷᠣᠭᠤᠯᠤᠭᠰᠠᠨ ᠪᠣᠳᠠᠲᠠᠶ ᠦᠨ᠎ᠡ ᠶᠢᠨ ︽ᠵᠥᠷᠢᠶ᠎ᠡ ᠥᠬᠡᠶ ᠨᠣᠷᠮ᠎ᠠ︾ ᠶᠣᠰᠣᠭᠠᠷ ᠪᠣᠷᠤᠯᠠᠭᠤᠯᠤᠨ᠎ᠠ᠃ | ᠡᠮᠴᠢᠯᠡᠭᠡᠨ ᠤ ᠪᠠᠶᠢᠭᠤᠯᠤᠮᠵᠢ ᠶᠢᠨ ᠨᠣᠮᠣᠬᠠᠳᠬᠠᠨ ᠬᠡᠷᠡᠭᠯᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠤᠨ | ᠴᠢᠨᠠᠬᠤ ᠡᠮ ᠪᠠ ᠨᠠᠶᠢᠷᠠᠭᠤᠯᠤᠭᠰᠠᠨ ᠨᠠᠶᠢᠷᠠᠯᠭ᠎ᠠ ᠶᠢᠨ ᠦᠨ᠎ᠡ ᠶᠢ ᠡᠮᠴᠢᠯᠡᠭᠡᠨ ᠤ ᠪᠠᠶᠢᠭᠤᠯᠤᠮᠵᠢ ᠥᠪᠡᠷᠲᠡᠭᠡᠨ | ᠲᠣᠭᠲᠠᠭᠠᠨ᠎ᠠ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠬᠢᠲᠠᠳ | ᠡᠮ ᠤᠨ ᠨᠠᠶᠢᠷᠠᠯᠭ᠎ᠠ ᠶᠢᠨ ᠮᠥᠬᠦᠯᠢᠭ ᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠲᠥᠪᠯᠡᠷᠡᠭᠦᠯᠦᠨ | ᠬᠤᠳᠠᠯᠳᠤᠨ ᠠᠪᠬᠤ ᠲᠠᠪᠴᠠᠩ ᠳᠤ ᠣᠷᠣᠭᠤᠯᠤᠨ ᠰᠦᠯᠵᠢᠶᠡᠨ ᠳᠡᠭᠡᠷ᠎ᠡ ᠬᠤᠳᠠᠯᠳᠤᠵᠤ᠂ ᠠᠷᠠᠯᠵᠢᠶ᠎ᠠ ᠶᠢᠨ ᠢᠯᠡ | ᠲᠣᠳᠣ ᠪᠠᠶᠢᠬᠤ ᠶᠢ ᠠᠬᠢᠭᠤᠯᠤᠨ᠎ᠠ᠃ | ᠵᠢᠷᠭᠤᠭ᠎ᠠ᠂ ᠲᠣᠭᠠᠴᠠᠭ᠎ᠠ ᠬᠢᠬᠦ ᠲᠦᠷᠦ ᠶᠢᠨ ᠪᠤᠳᠤᠯᠭ᠎ᠠ ᠶᠢ ᠪᠦᠷᠢᠨᠰᠢᠭᠦᠯᠬᠦ ᠲᠠᠯ᠎ᠠ ᠪᠠᠷ | ᠨᠢᠭᠡ᠂ ᠡᠮᠴᠢᠯᠡᠭᠡᠨ ᠤ ᠳᠠᠭᠠᠳᠬᠠᠯ ᠤᠨ ᠶᠡᠷᠦᠩᠬᠡᠶ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ | ᠶᠡᠷᠦᠩᠬᠡᠶ ᠲᠥᠰᠦᠪ ᠲᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ | ᠲᠣᠯᠤᠭᠠᠶᠢᠯᠠᠨ ᠪᠠᠶᠢᠭᠤᠯᠤᠭᠰᠠᠨ ᠰᠢᠶᠠᠨ ᠤ ᠬᠡᠪᠴᠢᠶᠡᠨ ᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ | ᠬᠤᠯᠪᠤᠭᠠᠲᠤ ᠴᠣᠭᠴᠠ ᠶᠢ ᠵᠣᠬᠢᠬᠤ ᠬᠡᠮᠵᠢᠶ᠎ᠡ ᠪᠠᠷ ᠬᠠᠷᠠᠭᠠᠯᠵᠠᠨ᠎ᠠ᠃ | ᠬᠤᠶᠠᠷ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠡᠪᠡᠳᠴᠢᠨ ᠤ ᠲᠥᠷᠥᠯ ᠳᠤ ᠡᠪᠡᠳᠴᠢᠨ ᠤ ᠲᠥᠷᠥᠯ ᠤᠨ ᠨᠣᠭᠳᠠᠬᠤ ᠦᠷᠲᠡᠭ ︵DIP︶ ᠵᠢᠴᠢ | ᠡᠪᠡᠳᠴᠢᠨ ᠡᠮᠭᠡᠭ ᠢ ᠣᠨᠣᠰᠢᠯᠠᠭᠰᠠᠨ ᠬᠠᠮᠢᠶ᠎ᠠ ᠪᠥᠬᠦᠶ ᠠᠩᠭᠢᠯᠠᠯ ︵DRG︶ ᠢᠨᠢ ᠦᠨᠳᠦᠰᠦᠯᠡᠨ ᠲᠣᠭᠠᠴᠠᠭ᠎ᠠ | ᠬᠢᠬᠦ ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠤ ᠲᠥᠷᠥᠯ ᠤᠨ | ᠢᠯᠡᠳᠬᠡᠮᠵᠢ ᠶᠢ ᠵᠣᠬᠢᠰᠲᠠᠶ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠡᠮᠴᠢᠯᠡᠬᠦ ᠳᠤ ᠴᠢᠳᠠᠮᠠᠭᠠᠢ ᠡᠪᠡᠳᠴᠢᠨ ᠤ ᠲᠥᠷᠥᠯ ᠢ ᠰᠢᠭᠰᠢᠨ ᠰᠣᠩᠭᠤᠵᠤ᠂ ᠧᠦ᠋ᠷᠣᠫᠠ ᠡᠮᠨᠡᠯᠭᠡ ᠳᠤ ᠣᠨᠣᠰᠢᠯᠠᠨ | ᠡᠮᠴᠢᠯᠡᠬᠦ ︽ᠠᠳᠠᠯᠢ ᠲᠥᠷᠦᠯᠤᠨ ᠡᠪᠡᠳᠴᠢᠨ ᠢ ᠠᠳᠠᠯᠢ ᠦᠷ᠎ᠡ ᠠᠰᠢᠭ ᠲᠠᠢ᠂ ᠠᠳᠠᠯᠢ ᠦᠨ᠎ᠡ ᠬᠠᠩᠰᠢ ᠪᠠᠷ | ᠡᠮᠴᠢᠯᠡᠬᠦ︾ ᠶᠢ ᠬᠡᠷᠡᠭᠵᠢᠭᠦᠯᠦᠨ᠎ᠡ᠃ | ᠭᠤᠷᠪᠠ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠ ᠬᠡᠷ ᠪᠦᠯᠢ ᠶᠢᠨ ᠡᠮᠴᠢ ᠶᠢᠨ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠬᠤ ᠶᠢ ᠳᠡᠮᠵᠢᠨ ᠵᠣᠷᠢᠭᠵᠢᠭᠤᠯᠵᠤ᠂ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢ ᠪᠠ ᠨᠥᠬᠦᠴᠡᠯ ᠲᠠᠢ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠡᠮᠴᠢᠯᠡᠭᠡᠨ ᠤ ᠭᠠᠵᠠᠷ ᠠᠴᠠ ᠪᠦᠯᠬᠦᠮ ᠵᠣᠬᠢᠶᠠᠨ ᠪᠠᠶᠢᠭᠤᠯᠵᠤ ᠬᠡᠷ ᠪᠦᠯᠢ ᠶᠢᠨ ᠡᠮᠴᠢ ᠶᠢᠨ ᠭᠡᠷ᠎ᠡ | ᠲᠣᠭᠲᠠᠬᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ᠃ ᠳᠥᠷᠪᠡ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠲᠣᠯᠤᠭᠠᠶᠢᠯᠠᠨ ᠪᠠᠶᠢᠵᠤ ᠨᠢᠭᠲᠠ ᠬᠠᠷᠢᠴᠠᠭᠠᠨ ᠤ ᠬᠡᠯᠪᠡᠷᠢ ᠪᠦᠬᠦᠢ | ᠡᠮᠴᠢᠯᠡᠭᠡᠨ ᠤ ᠬᠤᠯᠪᠤᠭᠠᠲᠤ ᠴᠣᠭᠴᠠ ᠪᠠᠶᠢᠭᠤᠯᠬᠤ ᠶᠢ ᠳᠡᠮᠵᠢᠨ᠎ᠡ᠃ | ᠳᠣᠯᠤᠭ᠎ᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠲᠠᠯ᠎ᠠ ᠪᠠᠷ | ᠨᠢᠭᠡ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠᠶᠢᠨ | ᠬᠡᠪᠰᠢᠭᠰᠡᠨ ᠲᠣᠭᠲᠠᠴᠠ ᠶᠢ ᠲᠡᠭᠦᠯᠳᠡᠷᠵᠢᠭᠦᠯᠵᠤ᠂ ᠴᠡᠭ ᠲᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠢᠵᠢᠭᠯᠡᠨ | ᠬᠤᠳᠠᠯᠳᠤᠬᠤ ᠡᠮ ᠤᠨ ᠳᠡᠯᠭᠡᠭᠦᠷ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠬᠤᠳᠠᠯ ᠬᠠᠭᠤᠷᠮᠠᠭ ᠢᠶᠠᠷ ᠡᠮᠴᠢᠯᠡᠬᠦ᠂ | ᠬᠠᠭᠤᠷᠮᠠᠭᠯᠠᠨ ᠡᠮᠨᠡᠯᠭᠡ ᠳᠤ ᠰᠠᠭᠤᠯᠭᠠᠬᠤ᠂ ᠬᠤᠳᠠᠯ ᠢᠶᠠᠷ ᠡᠮ ᠬᠤᠳᠠᠯᠳᠤᠬᠤ᠂ ᠣᠨᠣᠰᠢᠯᠠᠨ ᠡᠮᠨᠡᠬᠦ ᠲᠥᠷᠥᠯ | ᠵᠦᠢᠯ ᠢ ᠬᠤᠳᠠᠯ ᠢᠶᠠᠷ ᠡᠷᠬᠢᠯᠡᠬᠦ ᠵᠡᠷᠭᠡ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ | ᠦᠢᠯᠡ ᠠᠵᠢᠯᠯᠠᠭ᠎ᠠ ᠨᠤᠭᠤᠳ ᠢ ᠰᠡᠷᠭᠡᠶᠢᠯᠡᠨ᠎ᠡ᠃ | ᠬᠤᠶᠠᠷ᠂ ᠶᠡᠷᠦᠩᠬᠡᠶᠢᠯᠡᠨ ᠬᠢᠨᠠᠨ ᠬᠠᠮᠢᠶᠠᠷᠬᠤ ᠲᠦᠷᠢᠮ ᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠣᠨᠴᠠᠯᠢᠭ ᠲᠤ ᠴᠢᠭᠯᠡᠭᠦᠯᠦᠨ᠂ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠬᠢᠭᠡᠳ ᠬᠢᠲᠠᠳ ᠡᠮ ᠡᠮᠨᠡᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠤᠨ ᠬᠠᠷᠢᠯᠴᠠᠨ ᠬᠠᠮᠵᠢᠯᠴᠠᠵᠤ᠂ ᠬᠠᠮᠵᠢᠯᠴᠠᠨ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠬᠢᠨᠠᠨ | ᠬᠠᠮᠢᠶᠠᠷᠬᠤ ᠲᠦᠷᠢᠮ ᠢ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠦᠨ᠎ᠡ᠃ | |