ᠦᠦᠰᠢᠨ ᠪᠠᠯᠭᠠᠰᠤ ᠪᠣᠯᠣᠨ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠲᠣᠭᠲᠠᠬᠤ ᠰᠢᠶᠠᠨ ᠤ ᠬᠤᠪᠢᠶᠠᠷᠢ ᠺᠣᠮᠫᠠᠨᠢ ᠭᠠᠷ ᠬᠤᠯᠪᠣᠨ ᠬᠠᠷᠢᠶ᠎ᠠ ᠣᠷᠣᠨ ᠤ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠵᠠᠢ
ᠨᠡᠶᠢᠲᠡᠯᠡᠭᠰᠡᠨ ᠴᠠᠭ᠄
2022/7/2
      ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠬᠦ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠨᠡᠨᠬᠦ ᠲᠤᠤᠱᠯᠠᠭᠤᠯᠬᠤ ᠶᠢᠨ ᠲᠥᠯᠥᠭᠡ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠵᠢᠨ‌ᠣᠳᠣᠬᠢᠴᠢᠯᠠᠯᠲᠠ ᠶᠢᠨ ᠲᠦᠪᠰᠢᠨ ᠢ ᠠᠬᠢᠭᠤᠯᠵᠤ᠂ ᠬᠥᠳᠡᠭᠡ ᠲᠣᠰᠬᠤᠨ ᠤ ︽ᠤᠶᠤᠨ ᠢᠶᠠᠷ ᠵᠠᠰᠠᠬᠤ︾  ᠰᠢᠰᠲ᠋ᠧᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠣᠭᠠᠴᠢᠯᠠᠭᠰᠠᠨ ᠮᠡᠷᠭᠡᠵᠢᠯ ᠢ ᠦᠨᠳᠦᠰᠦᠨ ᠱᠠᠲᠤᠨ ᠤ ᠵᠠᠰᠠᠯᠲᠠ ᠲᠠᠢ ᠭᠦᠨᠵᠡᠭᠡᠢ ᠠᠭᠤᠰᠤᠯᠴᠠᠭᠤᠯᠵᠤ᠂ ᠦᠦᠰᠢᠨ ᠪᠠᠯᠭᠠᠰᠤ ᠣᠶᠢᠷ᠎ᠠ ᠶᠢᠨ ᠡᠳᠦᠷ ᠨᠠᠮ ᠤᠨ ᠪᠠᠶᠢᠭᠤᠯᠤᠯᠲᠠ ᠪᠠᠷ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠪᠠᠶᠢᠭᠤᠯᠤᠭᠳᠠᠬᠤ ᠶᠡᠭᠡ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠦᠦᠰᠢᠨ ᠪᠠᠯᠭᠠᠰᠤᠨ ᠤ ᠨᠠᠮ ᠤᠨ ᠬᠤᠷᠢᠶ᠎ᠠ ᠪᠣᠯᠣᠨ  ᠨᠢᠭᠡᠳᠦᠮᠡᠯ ᠬᠤᠯᠪᠣᠭ᠎ᠠ ᠶᠢᠨ ᠺᠣᠮᠫᠠᠨᠢ ︽ᠦᠦᠰᠢᠨ ᠪᠠᠯᠭᠠᠰᠤᠨ ᠤ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢ ᠬᠠᠮᠲᠤ ᠪᠠᠷ ᠪᠠᠶᠢᠭᠤᠯᠬᠤ ᠬᠡᠯᠡᠯᠴᠡᠭᠡᠷ ᠤᠨ ᠪᠢᠴᠢᠭ ︾ ᠲᠤ ᠭᠠᠷ ᠤᠨ ᠦᠰᠦᠭ ᠵᠢᠷᠤᠪᠠ᠃ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠶ᠎ᠠ ᠣᠷᠣᠨ ᠤ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠳᠤ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ ᠶᠢᠨ ᠮᠡᠷᠭᠡᠵᠢᠯ ᠤᠨ ᠵᠢᠯᠣᠭᠤᠳᠤᠯᠭ᠎ᠠ᠂ ᠪᠡᠯᠡ ᠮᠥᠩᠭᠦ ᠶᠢᠨ ᠳᠡᠮᠵᠢᠯᠭᠡ᠂ ᠴᠢᠳᠠᠪᠤᠷᠢᠲᠠᠨ ᠤ ᠲᠤᠯᠭᠠᠭᠤᠷᠢᠯᠠᠯ ᠪᠣᠯᠣᠨ ᠦᠦᠰᠢᠨ ᠪᠠᠯᠭᠠᠰᠤ ᠶᠢᠨ ᠬᠥᠮᠥᠨ ᠤ ᠬᠦᠴᠦᠨ ᠤ ᠡᠬᠢ ᠪᠠᠶᠠᠯᠢᠭ ᠢ ᠬᠠᠮᠲᠤᠪᠠᠷ ᠬᠥᠭᠵᠢᠭᠦᠯᠬᠦ ᠠᠵᠢᠯ ᠤᠨ ᠬᠠᠮᠲᠤᠷᠠᠯᠴᠠᠭᠠᠨ ᠤ ᠴᠢᠭᠯᠡᠯ ᠢ ᠲᠣᠳᠣᠷᠬᠠᠶᠢᠯᠠᠵᠤ᠂ ᠦᠦᠰᠢᠨ ᠪᠠᠯᠭᠠᠰᠤ ᠶᠢ ᠣᠶᠤᠨᠴᠢᠯᠠᠭᠰᠠᠨ᠂ ᠮᠡᠳᠡᠭᠡ ᠵᠠᠩᠭᠢᠵᠢᠯᠲᠠ᠂ ᠡᠯᠧᠺᠲᠷᠤᠨᠴᠢᠯᠠᠯᠳᠠ ᠶᠢ ᠨᠢᠭᠡ ᠴᠣᠭᠴᠠᠵᠢᠭᠤᠯᠤᠭᠰᠠᠨ ᠰᠢᠨ᠎ᠡ ᠴᠠᠭ ᠦᠶ᠎ᠡ ᠶᠢᠨ ᠲᠣᠭᠠᠴᠢᠯᠠᠭᠰᠠᠨ ᠰᠢᠶᠠᠩ ᠪᠠᠯᠭᠠᠰᠤ ᠪᠣᠯᠭᠠᠨ ᠪᠦᠲᠦᠭᠡᠨ ᠪᠠᠶᠢᠭᠤᠯᠬᠤ ᠪᠠᠷ  ᠴᠢᠷᠮᠠᠶᠢᠵᠦ ᠪᠠᠶᠢᠨ᠎ᠠ᠃     ᠬᠤᠶᠢᠰᠢᠳᠠ᠂ ᠦᠦᠰᠢᠨ ᠪᠠᠯᠭᠠᠰᠤ ᠶᠢᠨ ᠬᠢᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢᠨ ᠠᠵᠢᠯ ᠤᠨ ᠲᠣᠭᠲᠠᠴᠠ ᠶᠢᠨ ᠠᠬᠢᠭᠤᠯᠤᠯ ᠳᠣᠣᠷ᠎ᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ᠂ ᠨᠡᠶᠢᠭᠡᠮ ᠤᠨ ᠶᠠᠷᠢᠶ᠎ᠠ ᠬᠡᠯᠡᠯᠴᠡᠭᠡ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠵᠠᠰᠠᠯᠲᠠ ᠶᠢᠨ  ᠲᠤᠳᠠᠭᠳᠠᠯ ᠵᠡᠷᠭᠡ ᠲᠠᠯ᠎ᠠ ᠪᠠᠷ ᠭᠤᠣᠯᠳᠠᠭᠤᠯᠵᠤ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠲᠠᠢ ᠤᠨᠢᠨ ᠳᠡᠭᠡᠷ᠎ᠡ ᠨᠢ ᠵᠣᠯᠭᠠᠭᠤᠯᠵᠤ᠂ ᠭᠦᠨᠵᠡᠭᠡᠢ ᠬᠠᠮᠲᠤᠷᠠᠯᠴᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠡᠯ᠎ᠡ ᠲᠦᠷᠦᠯ ᠤᠨ ᠲᠥᠪᠯᠡᠷᠡᠯ ᠤᠨ ᠴᠡᠭ᠂ ᠬᠦᠴᠢᠷ ᠠᠰᠠᠭᠤᠳᠠᠯ ᠢ ᠬᠠᠮᠲᠤᠪᠠᠷ ᠰᠤᠳᠤᠯᠤᠨ ᠵᠥᠪᠳᠡᠯᠴᠡᠬᠦ ᠶᠢᠨ ᠬᠠᠮᠲᠤ ᠰᠢᠢᠳᠪᠦᠷᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1