ᠰᠢ ᠶᠢᠨ ᠫᠢᠩ ᠰᠢᠨᠵᠢᠶᠠᠩ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠄ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠨ ᠪᠦᠲᠦᠨ ᠵᠦᠪ ᠣᠨᠣᠪᠴᠢᠲᠠᠶ ᠲᠤᠭᠤᠰᠢᠯᠠᠭᠤᠯᠵᠤ ᠪᠦᠯᠬᠦᠮᠳᠡᠯ ᠲᠠᠢ ᠡᠶ᠎ᠡ ᠵᠤᠬᠢᠴᠠᠩᠭᠤᠢ ᠴᠡᠴᠡᠭᠯᠡᠨ ᠬᠥᠭᠵᠢᠭᠰᠡᠨ ᠪᠠᠶᠠᠨ ᠴᠢᠨᠡᠭᠡᠯᠢᠭ ᠪᠣᠯᠪᠠᠰᠤᠨ ᠳᠠᠪᠰᠢᠯᠲᠠ ᠲᠠᠢ ᠠᠮᠤᠷ ᠲᠠᠶᠢᠪᠤᠩ ᠠᠵᠤ ᠲᠦᠷᠦᠭᠦ ᠠᠮᠢ ᠠᠬᠤᠶ ᠰᠠᠶᠢᠨ ᠰᠠᠶᠢᠬᠠᠨ ᠦᠵᠡᠰᠭᠦᠯᠡᠩᠲᠤ ᠰᠠᠶᠢᠬᠠᠨ ᠰᠢᠨᠵᠢᠶᠠᠩ ᠢ ᠪᠦᠲᠦᠭᠡᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/7/21
     ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ‌‍ᠦᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠰᠢᠨᠵᠢᠶᠠᠩ ᠳᠤ ᠬᠦᠷᠴᠦ ᠰᠢᠨᠵᠢᠯᠡᠨ ᠪᠠᠶᠢᠴᠠᠭᠠᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠡᠷᠬᠢᠨ ᠦᠵᠡᠵᠦ ᠲᠣᠬᠤᠨᠢᠭᠤᠯᠪᠠ᠃ ᠰᠢ ᠶᠢᠨ ᠫᠢᠩ ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠨ ᠪᠦᠲᠦᠨ ᠵᠦᠪ ᠣᠨᠣᠪᠴᠢᠲᠠᠶ ᠲᠤᠭᠤᠰᠢᠯᠠᠭᠤᠯᠵᠤ᠂ ᠨᠡᠶᠢᠭᠡᠮ ᠤᠨ ᠲᠣᠭᠲᠠᠭᠤᠨ ᠪᠠ ᠥᠨᠢ ᠤᠳᠠᠭᠠᠨ ᠠᠮᠤᠷ ᠲᠦᠪᠰᠢᠨ ᠪᠠᠶᠢᠬᠤ ᠶᠡᠷᠦᠩᠬᠡᠶ ᠬᠠᠷᠠᠯᠲᠠ ᠶᠢ ᠪᠠᠲᠤ ᠡᠵᠡᠮᠳᠡᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠠᠭᠠᠨ ᠪᠦᠯᠬᠦᠮᠳᠡᠯ ᠲᠠᠢ ᠡᠶ᠎ᠡ ᠵᠣᠬᠢᠴᠠᠩᠭᠤᠶ᠂ ᠴᠡᠴᠡᠭᠯᠡᠨ ᠬᠥᠭᠵᠢᠭᠰᠡᠨ ᠪᠠᠶᠠᠨ ᠴᠢᠨᠡᠭᠡᠯᠢᠭ᠂ ᠪᠣᠯᠪᠠᠰᠤᠨ ᠳᠠᠪᠰᠢᠯᠲᠠ ᠲᠠᠢ᠂ ᠠᠮᠤᠷ ᠲᠠᠶᠢᠪᠤᠩ ᠠᠵᠤ ᠲᠦᠷᠦᠭᠦ᠂ ᠠᠮᠢ ᠠᠬᠤᠶ ᠰᠠᠶᠢᠨ ᠰᠠᠶᠢᠬᠠᠨ ᠦᠵᠡᠰᠭᠦᠯᠡᠩᠲᠤ ᠰᠠᠶᠢᠬᠠᠨ ᠰᠢᠨᠵᠢᠶᠠᠩ ᠢ ᠬᠦᠴᠦᠯᠡᠨ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      7 ᠰᠠᠷ᠎ᠠ ᠶᠢᠨ 12 ᠠᠴᠠ 15 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠰᠢᠨᠵᠢᠶᠠᠩ ᠳᠤ ᠰᠢᠨᠵᠢᠯᠠᠨ ᠪᠠᠶᠢᠴᠠᠭᠠᠪᠡ᠃ ᠵᠢᠷᠤᠭ ᠪᠤᠯ 13 ᠤ ᠦᠳᠡ ᠶᠢᠨ ᠡᠮᠦᠨ᠎ᠡ᠂ ᠰᠢ ᠶᠢᠨ ᠫᠢᠩ ᠦᠷᠦᠮᠴᠢ ᠬᠤᠳᠠ ᠶᠢᠨ ᠲᠢᠶᠠᠨᠱᠠᠨ ᠲᠣᠭᠤᠷᠢᠭ ᠤᠨ ᠭᠦ᠋ ᠶᠤᠸᠠᠨ ᠭᠤᠳᠤᠮᠵᠢ ᠶᠢᠨ ᠨᠡᠶᠢᠭᠡᠮ ᠲᠣᠭᠤᠷᠢᠭ ᠲᠤ ᠰᠢᠨᠵᠢᠯᠠᠨ ᠪᠠᠶᠢᠴᠠᠭᠠᠬᠤ ᠳᠠᠭᠠᠨ ᠦᠨᠳᠦᠰᠦᠳᠡᠨ ᠨᠦᠭᠦᠳ ᠤᠨ ᠠᠷᠠᠳ ᠲᠦᠮᠠᠨ ᠲᠠᠢ ᠭᠠᠷ ᠲᠠᠯᠠᠯᠤᠨ ᠮᠠᠨᠳᠤᠴᠢᠯᠡᠵᠤ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ      7 ᠰᠠᠷ᠎ᠠ ᠶᠢᠨ 12 ᠠᠴᠠ 15 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠰᠢᠨᠵᠢᠶᠠᠩ ᠳᠤ ᠰᠢᠨᠵᠢᠯᠠᠨ ᠪᠠᠶᠢᠴᠠᠭᠠᠪᠡ᠃ ᠵᠢᠷᠤᠭ ᠪᠤᠯ 13 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠢᠮᠠᠳᠤᠭᠠᠷ ᠳ᠋ᠢᠸᠢᠽᠢ ᠶᠢᠨ ᠱᠢ ᠾᠧ ᠽᠢ ᠬᠤᠳᠠ ᠳᠠᠬᠢ ᠰᠢᠨᠵᠢᠶᠠᠩ ᠤᠨ ᠪᠢᠩᠲ᠋ᠤᠸᠠᠨ ᠤ ᠴᠡᠷᠢᠭ ᠤᠨ ᠠᠲᠠᠷ ᠬᠠᠭᠠᠯᠪᠤᠷᠢᠯᠠᠯᠲᠠ ᠶᠢᠨ ᠮᠦᠽᠧᠢ ᠳᠤ ᠪᠢᠩᠲ᠋ᠤᠸᠠᠨ ᠤ ᠠᠬᠠᠮᠠᠳ ᠢᠳᠡᠷ ᠵᠠᠯᠠᠭᠤ ᠭᠤᠷᠪᠠᠨ ᠦᠶ᠎ᠡ ᠶᠢᠨ ᠪᠥᠲᠥᠭᠡᠨ ᠪᠠᠶᠢᠭᠤᠯᠤᠭᠴᠢᠳ ᠤᠨ ᠲᠥᠯᠥᠭᠡᠯᠡᠭᠴᠢᠤᠨ ᠲᠠᠢ ᠠᠭᠤᠯᠵᠠᠵᠤ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ      7 ᠰᠠᠷ᠎ᠠ ᠶᠢᠨ 12 ᠠᠴᠠ 15 ᠤ ᠡᠳᠦᠷ ᠪᠣᠯᠲᠠᠯ᠎ᠠ᠂ ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠮᠠ ᠰᠢᠩ ᠷᠦᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠠᠶᠢᠷᠺᠧᠨ· ᠲᠦᠨᠢᠶᠠᠽᠢ ᠶᠢᠨ ᠪᠠᠷ᠎ᠠ ᠪᠤᠯᠤᠯᠭ᠎ᠠ ᠪᠠᠷ᠂ ᠤᠷᠢᠳ ᠬᠤᠵᠢᠳ ᠦᠷᠦᠮᠴᠢ᠂ ᠱᠢ ᠾᠧ ᠽᠢ᠂ ᠲᠦᠷᠫᠠᠨ ᠵᠡᠷᠭᠡ ᠭᠠᠵᠠᠷ ᠲᠤ ᠬᠦᠷᠴᠦ᠂ ᠰᠤᠷᠭᠠᠭᠤᠯᠢ᠂ ᠤᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ ᠲᠤᠭᠤᠷᠢᠭ᠂ ᠨᠡᠶᠢᠭᠡᠮ ᠲᠣᠭᠤᠷᠢᠭ᠂ ᠮᠦᠽᠧᠢ᠂ ᠬᠥᠳᠡᠭᠡ ᠲᠣᠰᠬᠤᠨ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠡᠷᠭᠡ ᠪᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃      12 ᠤᠨ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠰᠢᠨᠵᠢᠶᠠᠩ ᠶᠡᠭᠡ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠪᠠ᠃ ᠰᠢ ᠶᠢᠨ ᠫᠢᠩ ᠰᠤᠷᠭᠠᠭᠤᠯᠢ ᠶᠢᠨ ᠲᠡᠦᠬᠡ ᠶᠢᠨ ᠣᠷᠳᠣᠨ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠰᠠᠭᠤᠷᠢᠨ ᠢᠶᠠᠷ ᠲᠣᠭᠤᠷᠢᠨ ᠦᠵᠡᠵᠦ᠂ ᠰᠤᠷᠭᠠᠭᠤᠯᠢ ᠶᠢᠨ ᠲᠡᠦᠬᠡ ᠶᠢᠨ ᠤᠯᠠᠷᠢᠯ ᠬᠤᠪᠢᠰᠤᠯ ᠪᠣᠯᠤᠨ ᠪᠦᠳᠦᠭᠡᠨ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ᠂ ᠦᠨᠳᠦᠰᠦᠲᠡᠨ ᠤ ᠶᠠᠪᠤᠯᠴᠠᠭ᠎ᠠ ᠶᠢ ᠠᠬᠢᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠪᠠᠶᠢᠴᠠᠭᠠᠨ ᠰᠤᠳᠤᠯᠤᠯᠲᠠ ᠬᠢᠭᠡᠳ ᠪᠤᠴᠠᠵᠤ ᠢᠷᠡᠭᠰᠡᠨ ᠰᠤᠷᠤᠭᠴᠢᠳ ᠤᠨ ᠣᠯᠤᠯᠲᠠ ᠪᠠᠨ ᠶᠠᠷᠢᠬᠤ ᠶᠢ ᠰᠣᠨᠣᠰᠴᠠᠢ᠃ ᠰᠢ ᠶᠢᠨ ᠫᠢᠩ᠂ ᠮᠠᠨ ᠤ ᠤᠯᠤᠰ ᠪᠣᠯ ᠨᠢᠭᠡᠳᠦᠭᠰᠡᠨ ᠣᠯᠠᠨ ᠦᠨᠳᠦᠰᠦᠲᠡᠨ ᠲᠠᠢ ᠤᠯᠤᠰ ᠮᠥᠨ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠ ᠪᠣᠯ ᠮᠠᠨ ᠤ ᠤᠯᠤᠰ ᠤᠨ ᠨᠢᠭᠡᠨ ᠢᠯᠡᠷᠬᠡᠶ ᠣᠨᠴᠠᠯᠢᠭ ᠪᠣᠯᠤᠨ᠎ᠠ᠃ ᠪᠢᠳᠡ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰ ᠤᠨ ᠦᠨᠳᠦᠰᠦᠲᠡᠨ ᠤ ᠠᠰᠠᠭᠤᠳᠠᠯ ᠤᠨ ᠪᠣᠳᠠᠲᠤ ᠪᠠᠶᠢᠳᠠᠯ ᠲᠠᠢ ᠪᠦᠲᠦᠭᠡᠯᠴᠢ ᠪᠠᠷ ᠬᠠᠷᠢᠯᠴᠡᠨ ᠤᠶᠠᠯᠳᠤᠭᠤᠯᠵᠤ᠂ ᠦᠨᠳᠦᠰᠦᠲᠡᠨ ᠤ ᠡᠷᠬᠡ ᠲᠡᠭᠰᠢ᠂ ᠦᠨᠳᠦᠰᠦᠲᠡᠨ ᠤ ᠪᠦᠯᠬᠦᠮᠳᠡᠯ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠪᠠᠷ ᠭᠤᠣᠯ ᠠᠭᠤᠯᠭ᠎ᠠ ᠪᠣᠯᠭᠠᠭᠰᠠᠨ ᠦᠨᠳᠦᠰᠦᠲᠡᠨ ᠤ ᠤᠨᠤᠯ ᠪᠠ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠦᠨᠳᠦᠰᠦᠲᠡᠨ ᠨᠦᠭᠦᠳ ᠨᠡᠶᠢᠭᠡᠮ ᠵᠢᠷᠤᠮ ᠤᠨ ᠪᠠᠶᠢᠭᠤᠯᠤᠯ ᠤᠨ ᠳᠣᠣᠷ᠎ᠠ ᠵᠢᠩᠬᠢᠨᠢ ᠤᠳᠭ᠋᠎ᠠ ᠠᠭᠤᠯᠭ᠎ᠠ ᠳᠡᠭᠡᠷᠡᠬᠢ ᠡᠷᠬᠡ ᠲᠡᠭᠰᠢ ᠪᠦᠯᠬᠦᠮᠳᠡᠯ ᠲᠠᠪᠰᠢᠯᠳᠠ ᠶᠢ ᠪᠡᠶᠡᠯᠡᠭᠦᠯᠪᠡ᠃ ᠮᠠᠨ ᠤ ᠦᠨᠳᠦᠰᠦᠲᠡᠨ ᠤ ᠲᠤᠬᠠᠢ ᠤᠨᠤᠯ ᠪᠠ ᠲᠦᠷᠦ ᠶᠢᠨ ᠪᠤᠳᠤᠯᠭ᠎ᠠ ᠪᠣᠯ ᠰᠠᠶᠢᠨ ᠪᠥᠭᠡᠳ ᠲᠤᠰᠠᠲᠠᠢ ᠶᠤᠮ᠃ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠤᠨᠤᠯ ᠢ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠠᠭᠤᠷᠢ ᠴᠢᠨᠠᠷᠲᠠᠢ ᠠᠰᠠᠭᠤᠳᠠᠯ ᠤᠨ ᠰᠤᠳᠤᠯᠭᠠᠨ ᠢ ᠠᠬᠢᠭᠤᠯᠬᠤ ᠬᠡᠷᠡᠭᠲᠡᠢ᠃ ᠦᠨᠳᠦᠰᠦᠲᠡᠨ ᠨᠦᠭᠦᠳ ᠶᠡᠭᠡ ᠪᠠᠷ ᠪᠦᠯᠬᠦᠮᠳᠡᠭᠰᠡᠨ ᠳᠤᠮᠳᠠᠳᠤ ᠤᠯᠤᠰ ᠯᠠᠪᠲᠠᠢ ᠬᠠᠨᠳᠤᠭᠰᠠᠨ ᠵᠦᠭ ᠲᠤ ᠢᠯᠠᠭᠳᠠᠰᠢ ᠦᠭᠡᠢ ᠪᠠᠶᠢᠵᠤ᠂ ᠯᠠᠪᠲᠠᠢ ᠭᠡᠭᠡᠨ ᠰᠠᠷᠠᠭᠤᠯ ᠢᠷᠡᠭᠡᠳᠦᠢ ᠲᠠᠢ ᠪᠠᠶᠢᠵᠤ᠂ ᠮᠠᠨ ᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠯᠠᠪᠲᠠᠢ ᠢᠯᠠᠯᠲᠠ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠯᠠᠪᠲᠠᠢ ᠬᠦᠷᠴᠦ ᠢᠷᠡᠬᠦ ᠶᠤᠮ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠬᠥᠮᠦᠨ ᠢ ᠬᠥᠮᠦᠵᠢᠭᠦᠯᠬᠦ ᠶᠢᠨ ᠦᠨᠳᠦᠰᠦ ᠨᠢ ᠶᠣᠰᠣ ᠰᠤᠷᠲᠠᠬᠤᠨ ᠢ ᠪᠤᠢ ᠪᠣᠯᠭᠠᠬᠤ ᠳᠤ ᠪᠤᠢ᠃ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ᠃ ᠳᠠᠪᠠᠭᠤᠯᠢᠭ ᠣᠨᠴᠠᠯᠢᠭ ᠢᠶᠠᠨ ᠳᠣᠪᠣᠶᠢᠯᠭᠠᠵᠤ᠂ ᠥᠨᠳᠥᠷ ᠲᠦᠪᠰᠢᠨ ᠪᠥᠬᠦᠶ ᠪᠠᠭᠰᠢ ᠶᠢᠨ ᠡᠩᠨᠡᠭᠡ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨᠵᠢᠶᠠᠩ ᠶᠡᠭᠡ ᠰᠤᠷᠭᠠᠭᠤᠯᠢ ᠶᠢᠨ ︽ᠬᠤᠤᠰ ᠲᠡᠷᠢᠭᠦᠨ ᠵᠡᠷᠭᠡ︾ ᠶᠢᠨ ᠪᠠᠶᠢᠭᠤᠯᠤᠯᠲᠠ ᠶᠢᠨ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ ᠰᠤᠷᠤᠭᠴᠢᠳ ᠲᠠᠭᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠲᠥᠯᠥᠭᠡ ᠴᠢᠷᠮᠠᠶᠢᠨ ᠲᠡᠮᠡᠴᠡᠬᠦ ᠨᠢᠭᠡᠨ ᠦᠶ᠎ᠡ ᠶᠢᠨ ᠵᠠᠯᠠᠭᠤᠴᠤᠳ ᠪᠣᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ᠳᠠᠷᠠᠭ᠎ᠠ ᠨᠢ᠂ ᠰᠢ ᠶᠢᠨ ᠫᠢᠩ ᠦᠷᠦᠮᠴᠢ ᠶᠢᠨ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠤᠨ ᠲᠣᠭᠤᠷᠢᠭ ᠲᠤ ᠬᠦᠷᠴᠦ᠂ ᠬᠤᠯᠪᠣᠭᠳᠠᠯ ᠪᠥᠬᠦᠶ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ︵ᠦᠷᠦᠮᠴᠢ︶ ᠶᠢᠨ ᠲᠦᠪᠯᠡᠷᠡᠨ ᠴᠤᠬᠯᠠᠷᠠᠬᠤ ᠲᠥᠪ ᠤᠨ ᠡᠯ᠎ᠡ ᠴᠢᠳᠠᠮᠵᠢᠲᠤ ᠣᠷᠣᠨ ᠪᠣᠯᠤᠨ ᠠᠯᠠᠭ ᠠᠭᠤᠯᠠ ᠶᠢᠨ ᠠᠮᠠᠨ ᠪᠣᠭᠤᠮᠲᠠ᠂ ᠬᠤᠷᠭᠤᠰ ᠪᠣᠭᠤᠮᠲᠠ ᠶᠢᠨ ᠲᠤᠬᠠᠶ ᠶᠢᠨ ᠲᠠᠯᠠᠪᠠᠶ ᠶᠢᠨ ᠠᠵᠢᠯ ᠤᠨ ᠪᠠᠶᠢᠳᠠᠯ ᠢ ᠲᠤᠬᠠᠶ ᠶᠢᠨ ᠴᠠᠭ ᠤᠨ ᠵᠢᠷᠤᠭ ᠲᠦᠷᠰᠦ ᠪᠠᠷ ᠪᠠᠶᠢᠴᠠᠭᠠᠨ ᠦᠵᠡᠭᠰᠡᠨ ᠪᠥᠭᠡᠳ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠴᠤᠩᠬᠤᠪᠴᠢ ᠶᠢᠨ ᠠᠵᠢᠯᠲᠠᠨ ᠵᠢᠴᠢ ᠲᠤᠬᠠᠶ ᠶᠢᠨ ᠲᠠᠯᠠᠪᠠᠶ ᠶᠢᠨ ᠠᠵᠢᠯᠲᠡᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠮᠠᠨ ᠤ ᠤᠯᠤᠰ ᠤᠨ ᠭᠠᠳᠠᠭᠠᠳᠤ ᠨᠡᠬᠡᠬᠡᠯᠳᠡ ᠪᠠᠨ ᠥᠷᠭᠡᠳᠭᠡᠬᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠵᠡᠷᠭᠡ ᠠᠵᠢᠯ ᠢ ᠭᠦᠨᠵᠡᠭᠡᠢ ᠠᠬᠢᠭᠤᠯᠬᠤ ᠶᠢ ᠳᠠᠭᠠᠯᠳᠤᠨ᠂ ᠰᠢᠨᠵᠢᠶᠠᠩ ᠬᠠᠷᠢᠴᠠᠩᠭᠤᠢ ᠲᠦᠭᠵᠢᠮᠡᠯ ᠳᠣᠲᠣᠭᠠᠳᠤ ᠬᠠᠭᠤᠷᠠᠢ ᠪᠠᠶᠢᠭᠰᠠᠨ ᠠᠴᠠ ᠪᠠᠨ ᠭᠠᠳᠠᠭᠠᠳᠤ ᠨᠡᠬᠡᠬᠡᠯᠳᠡ ᠶᠢᠨ ᠡᠮᠦᠨ᠎ᠡ ᠹᠷᠣᠨᠲ ᠪᠤᠯᠤᠨ ᠬᠤᠪᠢᠷᠠᠵᠠᠢ᠂ ᠲᠣᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠭᠤᠣᠯ ᠣᠷᠣᠨ ᠤ ᠪᠦᠳᠦᠬᠡᠨ ᠪᠠᠶᠢᠭᠤᠯᠤᠯᠲᠠ ᠶᠢ ᠠᠬᠢᠭᠤᠯᠵᠤ᠂ ᠰᠢᠨᠵᠢᠶᠠᠩ ᠤᠨ ᠣᠷᠣᠨ ᠪᠦᠰᠡ ᠶᠢᠨ ᠴᠢᠨᠠᠷᠲᠠᠢ ᠨᠡᠬᠡᠬᠡᠯᠳᠡ ᠶᠢᠨ ᠪᠠᠶᠢᠯᠳᠤᠬᠤ ᠪᠤᠳᠤᠯᠭ᠎ᠠ ᠶᠢ ᠤᠯᠤᠰ ᠤᠨ ᠪᠠᠷᠠᠭᠤᠨᠰᠢ ᠨᠡᠬᠡᠬᠡᠯᠳᠡ ᠬᠢᠬᠦ ᠶᠡᠷᠦᠩᠬᠡᠢ ᠪᠠᠶᠢᠷᠢᠰᠢᠭᠤᠯᠤᠯᠲᠠ ᠳᠤ ᠣᠷᠣᠭᠤᠯᠵᠤ᠂ ᠨᠡᠭᠡᠭᠡᠯᠲᠡᠲᠦ ᠮᠠᠶ᠋ᠢᠭ ᠤᠨ ᠠᠵᠤ ᠠᠬᠤᠢ ᠶᠢᠨ ᠪᠠᠶᠢᠭᠤᠯᠤᠮᠵᠢ ᠶᠢᠨ ᠰᠢᠨ᠎ᠡ ᠶᠢ ᠡᠭᠦᠳᠴᠦ᠂ ᠭᠠᠳᠠᠭᠠᠳᠤ ᠨᠡᠬᠡᠬᠡᠯᠳᠡ ᠶᠢᠨ ᠶᠡᠭᠡ ᠵᠠᠮ ᠢ ᠲᠦᠷᠭᠡᠨ ᠪᠦᠳᠦᠬᠡᠨ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠨᠡᠩ ᠰᠠᠶᠢᠲᠤᠷ ᠠᠰᠢᠭᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢ  ᠶᠢᠨ ᠫᠢᠩ ᠲᠤᠬᠠᠶ ᠶᠢᠨ ᠭᠠᠵᠠᠷ ᠤᠨ ᠬᠠᠷᠢᠭᠤᠴᠠᠯᠭᠠᠲᠠᠨ ᠳᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠲᠠᠷᠬᠠᠨ ᠲᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ︽ᠡᠪᠡᠳᠴᠢᠨ ᠤ ᠵᠢᠱᠶᠶ᠎ᠡ ᠶᠢ ᠦᠭᠡᠢ ᠪᠤᠯᠭᠠᠬᠤ︾ ᠶᠢ ᠪᠠᠷᠢᠮᠲᠠᠯᠠᠵᠤ᠂ ᠬᠢᠵᠢᠭ ᠢ ᠰᠡᠷᠭᠡᠶᠢᠯᠡᠬᠦ ᠠᠵᠢᠯ ᠢ ᠨᠠᠷᠢᠯᠢᠭ ᠣᠨᠣᠴᠠᠲᠠᠶ ᠪᠠᠶᠢᠯᠭᠠᠬᠤ ᠪᠠᠷ ᠴᠢᠷᠮᠠᠶᠢᠵᠤ᠂ ᠣᠯᠠᠨ ᠲᠦᠮᠡᠨ ᠳᠤ ᠲᠥᠬᠦᠮ ᠦᠵᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠦ ᠵᠠᠬᠢᠪᠠ᠃      13 ᠤ ᠦᠳᠡ ᠶᠢᠨ ᠡᠮᠦᠨ᠎ᠡ᠂ ᠰᠢ ᠶᠢᠨ ᠫᠢᠩ ᠦᠷᠦᠮᠴᠢ ᠬᠤᠳᠠ ᠶᠢᠨ ᠲᠢᠶᠠᠨᠱᠠᠨ ᠲᠣᠭᠤᠷᠢᠭ ᠤᠨ ᠭᠦ᠋ ᠶᠤᠸᠠᠨ ᠭᠤᠳᠤᠮᠵᠢ ᠶᠢᠨ ᠨᠡᠶᠢᠭᠡᠮ ᠲᠣᠭᠤᠷᠢᠭ ᠲᠤ ᠬᠦᠷᠪᠡ᠃ ᠲᠤᠰ ᠨᠡᠶᠢᠭᠡᠮ ᠲᠣᠭᠤᠷᠢᠭ ᠤᠨ ᠴᠥᠭᠡᠨ ᠲᠣᠭᠠᠲᠤ ᠦᠨᠳᠦᠰᠦᠲᠡᠨ ᠤ ᠰᠠᠭᠤᠭᠠᠯᠢ ᠠᠷᠠᠳ 95% ᠠᠴᠠ ᠳᠡᠭᠡᠭᠰᠢᠬᠢ ᠶᠢ ᠡᠵᠡᠯᠡᠨ᠎ᠡ᠃ ᠰᠢ ᠶᠢᠨ ᠫᠢᠩ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠤᠨ ᠶᠡᠭᠡ ᠲᠢᠩᠬᠢᠮ᠂ ᠬᠠᠶᠢᠷ᠎ᠠ ᠬᠠᠯᠠᠮᠵᠢ ᠶᠢᠨ ᠬᠡᠷ᠂ ᠪᠥᠵᠢᠭ ᠤᠨ ᠲᠠᠰᠤᠭ᠂ ᠪᠠᠭᠠᠴᠤᠳ ᠬᠡᠦᠬᠡᠳ ᠤᠨ ᠤᠩᠰᠢᠯᠭ᠎ᠠ ᠶᠢᠨ ᠲᠠᠰᠤᠭ ᠲᠤ ᠣᠷᠣᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠮᠡᠳᠡᠯᠭᠡ ᠶᠢᠨ ᠲᠤᠬᠠᠢ ᠬᠡᠤᠬᠡᠳ ᠤᠨ ᠲᠣᠭᠯᠠᠯᠲᠠ ᠶᠢ ᠮᠠᠰᠢ ᠤᠷᠮ᠎ᠠ ᠪᠠᠭ᠋ᠠᠲᠠᠢ ᠰᠣᠨᠢᠷᠬᠠᠪᠠ᠂ ᠲᠡᠷᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠢ ᠡᠷᠲᠡ ᠠᠴᠠ ᠠᠳᠬᠤᠵᠤ ᠪᠠᠭ᠎ᠠ ᠠᠴᠠ ᠨᠢ ᠠᠳᠬᠤᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠠᠶᠠᠨᠳᠠᠭᠠᠨ ᠨᠦᠯᠦᠭᠡᠯᠡᠬᠦ᠂ ᠰᠤᠨᠤᠰᠤᠨ ᠰᠤᠨᠤᠰᠤᠭᠰᠠᠭᠠᠷ ᠬᠠᠳᠠᠩᠰᠢᠵᠤ ᠦᠵᠡᠨ ᠦᠵᠡᠭᠰᠡᠭᠡᠷ ᠡᠨᠡᠭᠰᠢᠬᠦ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠰᠠᠭᠤᠷᠢ ᠶᠢ ᠪᠠᠬᠢᠵᠢᠭᠦᠯᠬᠦ ᠳᠤ ᠠᠰᠢᠭᠲᠠᠢ ᠶᠤᠮ ᠭᠡᠵᠦ ᠵᠢᠭᠠᠵᠤ ᠭᠠᠷᠭᠠᠪᠠ᠃ ᠤᠶᠢᠭᠤᠷ ᠦᠨᠳᠦᠰᠦᠲᠡᠨ ᠤ ᠰᠠᠭᠤᠭᠠᠯᠢ ᠠᠷᠠᠳ ᠠᠪᠯᠠᠶᠢᠲ · ᠲᠦᠷᠧᠰᠤᠨ ᠤ ᠭᠡᠷ ᠲᠤ᠂ ᠰᠢ ᠶᠢᠨ ᠫᠢᠩ ᠵᠣᠴᠢᠨ ᠤ ᠲᠢᠩᠬᠢᠮ᠂ ᠤᠨᠲᠠᠯᠭ᠎ᠠ ᠶᠢᠨ ᠦᠷᠦᠭᠡ᠂ ᠲᠣᠭᠤᠭᠠᠨ ᠭᠡᠷ ᠵᠡᠷᠭᠡ ᠶᠢ ᠨᠠᠷᠢᠨ ᠪᠠᠶᠢᠴᠠᠭᠠᠨ ᠦᠵᠡᠵᠦ᠂ ᠭᠡᠷ ᠤᠨ ᠬᠥᠮᠦᠰ ᠲᠠᠢ ᠨᠢ ᠬᠠᠮᠲᠤ ᠰᠠᠭᠤᠵᠤ ᠵᠣᠭᠤᠭᠳᠠᠪᠠ᠃ ᠰᠢ ᠶᠢᠨ ᠫᠢᠩ᠂ ᠦᠨᠳᠦᠰᠦᠲᠡᠨ ᠤ ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠰᠢᠨᠵᠢᠶᠠᠩ ᠤᠨ ᠡᠯ᠎ᠠ ᠦᠨᠳᠦᠰᠦᠲᠡᠨ ᠪᠣᠯ ᠴᠦᠮ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠰᠠᠯᠵᠤ ᠪᠣᠯᠤᠰᠢ ᠦᠭᠡᠢ ᠪᠦᠷᠢᠯᠳᠦᠬᠦᠨ ᠮᠥᠨ᠂ ᠲᠦᠪᠰᠢᠷᠡᠨ ᠪᠦᠯᠬᠦᠮᠳᠡᠭᠰᠡᠨ ᠶᠡᠭᠡ ᠰᠠᠶᠢᠨ ᠪᠠᠶᠢᠳᠠᠯ ᠢ ᠣᠨᠴᠠᠭᠠᠢ ᠨᠠᠨᠳᠢᠩᠨᠠᠵᠤ᠂ 56 ᠦᠨᠳᠦᠰᠦᠲᠡᠨ ᠪᠦᠯᠬᠦᠮᠳᠡᠨ ᠨᠢᠭᠲᠠᠷᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠲᠡᠮᠡᠴᠡᠵᠦ᠂ ᠨᠠᠮ ᠤᠨ ᠤᠳᠤᠷᠢᠳᠤᠯᠭ᠎ᠠ ᠳᠣᠣᠷ᠎ᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ ᠨᠡᠶᠢᠭᠡᠮ ᠲᠣᠭᠤᠷᠢᠭ ᠤᠨ ᠠᠵᠢᠯ ᠲᠦᠭ ᠲᠦᠮᠡᠨ ᠠᠶᠢᠯ ᠡᠷᠦᠬᠡ ᠲᠠᠢ ᠬᠤᠯᠪᠤᠬᠳᠠᠵᠤ ᠪᠠᠶᠢᠳᠠᠭ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠠᠵᠢᠯ ᠤᠨ ᠭᠤᠤᠯᠳᠠᠯᠭ᠎ᠠ ᠪᠠᠨ ᠦᠨᠳᠦᠰᠦᠨ ᠱᠠᠲᠤᠨ ᠳᠤ ᠲᠠᠯᠪᠢᠵᠤ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠪᠤᠳᠤᠵᠤ ᠬᠦᠰᠡᠵᠤ ᠪᠠᠶᠢᠭ᠎ᠠ ᠵᠦᠢᠯ ᠲᠠᠢ ᠨᠢᠭᠲᠠ ᠤᠶᠠᠯᠳᠤᠭᠤᠯᠵᠤ᠂ ᠣᠯᠠᠨ ᠢ ᠬᠠᠪᠰᠤᠷᠤᠨ ᠰᠠᠶᠢᠨ ᠶᠠᠪᠤᠳᠠᠯ ᠬᠢᠵᠦ᠂ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠶᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠬ᠎ᠠ ᠳᠡᠭᠦᠦ ᠮᠡᠲᠦ ᠳᠣᠲᠣᠨᠣ ᠪᠠᠶᠢᠬᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠶᠢ ᠠᠬᠢᠭᠤᠯᠵᠤ᠂ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠵᠤ᠂ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠨᠡᠶᠢᠭᠡᠮ ᠲᠣᠭᠤᠷᠢᠭ ᠠᠴᠠ ᠠᠶᠠᠷᠯᠠᠨ ᠰᠠᠯᠬᠤ ᠦᠶ᠎ᠡ ᠳᠤ᠂ ᠦᠨᠳᠦᠰᠦᠲᠡᠨ ᠤ ᠬᠤᠪᠴᠠᠰᠤ ᠵᠠᠰᠠᠯ ᠢᠶᠠᠨ ᠡᠮᠦᠰᠦᠭᠰᠡᠨ ᠦᠨᠳᠦᠰᠦᠲᠡᠨ ᠨᠦᠭᠦᠳ ᠤᠨ ᠤᠯᠠᠨ ᠲᠦᠮᠡᠨ ᠳᠠᠭᠤᠯᠠᠨ ᠪᠥᠵᠢᠭᠯᠡᠵᠡᠬᠡᠵᠦ᠂ ᠶᠡᠷᠦᠩᠬᠡᠢ ᠱᠦᠵᠢ ᠳᠤ ᠴᠢᠩ ᠰᠡᠳᠭᠢᠯ ᠤᠨ ᠬᠠᠶᠢᠷ᠎ᠠ ᠬᠦᠨᠳᠦᠳᠭᠡᠯ ᠢᠶᠠᠨ ᠳᠡᠪᠰᠢᠭᠦᠯᠪᠡ᠃ ᠰᠢ ᠶᠢᠨ ᠫᠢᠩ ᠤᠯᠠᠨ ᠤ ᠠᠵᠢᠯ ᠦᠢᠯᠡᠰ ᠬᠥᠭᠵᠢᠨ ᠮᠠᠨᠳᠤᠵᠤ᠂ ᠠᠮᠢᠳᠤᠷᠠᠯ ᠤᠯᠠᠮ ᠠᠴᠠ ᠤᠯᠠᠮ ᠵᠣᠯ ᠵᠢᠷᠭᠠᠯ ᠲᠠᠢ ᠪᠣᠯᠬᠤ ᠶᠢ ᠵᠥᠩᠨᠡᠪᠡ᠃      ᠲᠠᠷᠠᠭ᠎ᠠ ᠨᠢ᠂ ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠮᠦᠽᠧᠢ ᠳᠤ ᠬᠦᠷᠴᠦ᠂ ︽ᠰᠢᠨᠵᠢᠶᠠᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠭᠦᠯᠡᠩ︾ ᠢ ᠲᠣᠭᠤᠷᠢᠨ ᠦᠵᠡᠵᠦ᠂ ᠦᠨᠳᠦᠰᠦᠲᠡᠨ ᠤ ᠲᠤᠤᠯᠢ ︽ᠮᠠᠨᠠᠰ︾ ᠤᠨ ᠬᠠᠶᠢᠯᠠᠬᠤ ᠦᠵᠡᠭᠦᠯᠭᠡ ᠶᠢ ᠰᠣᠨᠢᠷᠬᠠᠭᠰᠠᠨ ᠪᠥᠭᠡᠳ ︽ᠮᠠᠨᠠᠰ︾ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠳᠤᠮᠳᠠᠳᠤ ᠶᠢᠨ ᠪᠣᠯᠪᠠᠰᠤᠨ ᠥᠷᠭᠡᠨ ᠳᠡᠯᠭᠡᠷ ᠭᠦᠨ ᠭᠦᠨᠵᠡᠭᠡᠢ᠂ ᠥᠨᠢ ᠤᠳᠠᠭᠠᠨ ᠲᠡᠤᠬᠡ ᠲᠠᠢ᠂ ᠦᠨᠳᠦᠰᠦᠲᠡᠨ ᠨᠦᠭᠦᠳ ᠤᠨ ᠰᠢᠯᠢᠳᠡᠭ ᠰᠣᠶᠣᠯ ᠤᠨ ᠤᠷᠤᠰᠬᠠᠯ ᠤᠳ ᠢᠶᠠᠷ ᠨᠡᠶᠢᠯᠡᠵᠤ ᠪᠦᠷᠢᠯᠳᠦᠭᠰᠡᠨ ᠶᠤᠮ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠤᠯᠠᠨ ᠡᠰᠢᠳᠤ ᠨᠢᠭᠡ ᠴᠣᠭᠴᠠᠵᠢᠭᠰᠠᠨ ᠪᠠᠶᠢᠷᠢᠰᠢᠯ ᠤᠨ ᠰᠤᠳᠤᠯᠭᠠᠨ ᠢ ᠴᠢᠩᠭᠠᠳᠬᠠᠵᠤ᠂ ᠰᠢᠨᠵᠢᠶᠠᠩ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠶᠢᠨ ᠲᠡᠦᠬᠡᠨ ᠪᠣᠳᠠᠲᠤ ᠶᠠᠪᠤᠳᠠᠯ᠂ ᠬᠠᠭᠤᠴᠢ ᠰᠤᠳᠤᠯᠤᠯ ᠤᠨ ᠡᠳ᠋ ᠪᠣᠳᠠᠰ᠂ ᠰᠣᠶᠣᠯ ᠤᠨ ᠦᠯᠡᠳᠡᠭᠳᠡᠯ ᠢ ᠭᠦᠢᠴᠡᠳ ᠠᠭᠤᠳᠠᠯᠤᠨ ᠪᠦᠲᠦᠮᠵᠢᠲᠡᠢ ᠠᠰᠢᠭᠯᠠᠬᠤ ᠬᠡᠷᠡᠭᠳᠡᠢ᠂ ᠰᠢᠨᠵᠢᠶᠠᠩ ᠪᠣᠯ ᠡᠷᠲᠡᠨ ᠠᠴᠠ ᠪᠠᠨ ᠠᠪᠤᠭᠠᠳ ᠮᠠᠨ ᠤ ᠤᠯᠤᠰ ᠤᠨ ᠰᠠᠯᠵᠤ ᠪᠣᠯᠤᠰᠢ ᠦᠭᠡᠢ ᠨᠢᠭᠡ ᠬᠡᠰᠡᠭ ᠪᠠ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠮᠥᠨ᠂ ᠰᠢᠨᠵᠢᠶᠠᠩ ᠤᠨ ᠦᠨᠳᠦᠰᠦᠲᠡᠨ ᠨᠦᠭᠦᠳ ᠪᠣᠯ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠴᠢᠰᠤ ᠮᠢᠬᠠᠨ ᠤ ᠪᠠᠷᠢᠯᠳᠤᠯᠭ᠎ᠠ ᠲᠠᠢ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠴᠢᠬᠤᠯᠠ ᠪᠦᠷᠢᠯᠳᠦᠬᠦᠨ ᠮᠥᠨ ᠭᠡᠳᠡᠭ ᠢ ᠲᠣᠳᠣᠷᠬᠠᠢ ᠲᠠᠶᠢᠯᠪᠤᠷᠢᠯᠠᠬᠤ ᠬᠡᠷᠡᠭᠲᠡᠢ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃      13 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠢᠮᠠᠳᠤᠭᠠᠷ ᠳ᠋ᠢᠸᠢᠽᠢ ᠶᠢᠨ ᠱᠢ ᠾᠧ ᠽᠢ ᠬᠤᠳᠠ ᠳᠤ ᠬᠦᠷᠴᠦ᠂ ᠰᠢᠨᠵᠢᠶᠠᠩ ᠤᠨ ᠪᠢᠩᠲ᠋ᠤᠸᠠᠨ ᠤ ᠴᠡᠷᠢᠭ ᠤᠨ ᠠᠲᠠᠷ ᠬᠠᠭᠠᠯᠪᠤᠷᠢᠯᠠᠯᠲᠠ ᠶᠢᠨ ᠮᠦᠽᠧᠢ ᠪᠠᠷ ᠲᠣᠭᠤᠷᠢᠨ ᠦᠵᠡᠪᠡ᠃ ᠮᠦᠽᠧᠶ ᠶᠢᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ᠂ ᠰᠢ ᠶᠢᠨ ᠫᠢᠩ ᠪᠢᠩᠲ᠋ᠤᠸᠠᠨ ᠤ ᠠᠬᠠᠮᠠᠳ ᠢᠳᠡᠷ ᠵᠠᠯᠠᠭᠤ ᠭᠤᠷᠪᠠᠨ ᠦᠶ᠎ᠡ ᠶᠢᠨ ᠪᠥᠲᠥᠭᠡᠨ ᠪᠠᠶᠢᠭᠤᠯᠤᠭᠴᠢᠳ ᠤᠨ ᠲᠥᠯᠥᠭᠡᠯᠡᠭᠴᠢᠤᠨ ᠲᠠᠢ ᠠᠭᠤᠯᠵᠠᠪᠠ᠃ ᠲᠡᠷᠡ᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠰᠢᠨᠵᠢᠶᠠᠩ ᠤᠨ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠤᠯᠤᠰ ᠤᠨ ᠬᠢᠯᠢ ᠶᠢᠨ ᠬᠠᠮᠠᠭᠠᠯᠠᠯᠲᠠ ᠶᠢ ᠪᠠᠬᠢᠵᠢᠭᠦᠯᠬᠦ ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠪᠡ᠃ ᠪᠢᠩᠲ᠋ᠤᠸᠠᠨ ᠤ ᠬᠥᠮᠦᠰ ᠤᠨ ᠱᠤᠭᠤᠭᠰᠠᠨ ᠡᠬᠡ ᠤᠯᠤᠰ ᠢᠶᠠᠨ ᠬᠠᠶᠢᠷᠠᠯᠠᠬᠤ᠂ ᠬᠠᠷᠠᠮ ᠦᠭᠡᠢ ᠵᠣᠷᠢᠭᠤᠯᠬᠤ᠂ ᠲᠡᠰᠪᠦᠷᠢ ᠬᠠᠲᠠᠭᠤᠵᠢᠯᠲᠠᠢ ᠪᠠᠷ ᠦᠢᠯᠡᠰ ᠪᠤᠰᠬᠠᠬᠤ᠂ ᠵᠠᠮ ᠨᠡᠭᠡᠭᠡᠨ ᠤᠷᠤᠭᠰᠢᠯᠠᠬᠤ ᠪᠢᠩᠲ᠋ᠤᠸᠠᠨ ᠤ ᠵᠣᠷᠢᠭ ᠰᠠᠨᠠᠭ᠎ᠠ ᠪᠣᠯ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠡᠳᠡᠭᠡᠷ ᠡᠷᠬᠢᠮ ᠨᠠᠨᠳᠢᠨ ᠦᠪ ᠬᠦᠷᠦᠩᠬᠡ ᠶᠢ ᠰᠠᠶᠢᠲᠤᠷ ᠬᠡᠷᠡᠭᠯᠡᠬᠦ ᠬᠡᠷᠡᠭᠲᠡᠢ ᠭᠡᠵᠤ ᠴᠢᠬᠤᠯᠠᠴᠢᠯᠠᠵᠠᠢ᠃      ᠳᠠᠷᠠᠭ᠎ᠠ ᠨᠢ᠂ ᠰᠢ ᠶᠢᠨ ᠫᠢᠩ ᠲᠡᠷᠭᠡᠨ ᠳᠤ ᠰᠠᠭᠤᠵᠤ ᠨᠠᠢᠮᠠᠳᠤᠭᠠᠷ ᠳ᠋ᠢᠸᠢᠽᠢ ᠶᠢᠨ 143 ᠳ᠋ᠤᠭᠠᠷ ᠬᠤᠷᠢᠶ᠎ᠠ ᠳᠤ ᠬᠦᠷᠴᠦ ᠰᠢᠨᠵᠢᠯᠡᠨ ᠪᠠᠶᠢᠴᠠᠭᠠᠪᠠ᠃ ᠲᠠᠷᠢᠶᠠᠯᠠᠩ ᠤᠨ ᠨᠢᠭᠡᠳᠦᠭᠡᠷ ᠰᠤᠮᠤ ᠶᠢᠨ ᠬᠥᠪᠥᠩ ᠳᠠᠷᠢᠬᠤ ᠰᠠᠭᠤᠷᠢᠨ ᠳᠤ᠂ ᠰᠢ ᠶᠢᠨ ᠫᠢᠩ ᠲᠠᠷᠢᠶᠠᠨ ᠭᠠᠵᠠᠷ ᠲᠤ ᠬᠦᠷᠴᠦ᠂ ᠬᠥᠪᠥᠩ ᠤᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠠᠷᠢᠶᠠᠨ ᠠᠵᠢᠯ ᠬᠢᠵᠤ ᠪᠠᠶᠢᠭᠰᠠᠨ ᠲᠠᠷᠢᠶᠠᠴᠢᠨ᠂ ᠲᠠᠷᠢᠶᠠᠯᠠᠩ ᠤᠨ ᠮᠡᠷᠭᠡᠵᠢᠯᠲᠡᠨ ᠠᠴᠠ ᠬᠥᠪᠥᠩ ᠳᠠᠷᠢᠬᠤ᠂ ᠪᠣᠷᠣᠯᠠᠭᠤᠯᠬᠤ ᠪᠠ ᠬᠡᠷ ᠪᠦᠯᠢ ᠶᠢᠨ ᠣᠷᠣᠯᠭ᠎ᠠ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠶᠢᠰᠦᠳᠦᠭᠡᠷ ᠰᠤᠮᠤ ᠶᠢᠨ ᠲᠤᠭᠤᠷ ᠤᠨ ᠬᠦᠷᠢᠶᠡᠯᠡᠩ ᠳᠤ᠂ ᠰᠢ ᠶᠢᠨ ᠫᠢᠩ ᠡᠳᠡᠭᠡᠷ ᠵᠢᠯ ᠤᠳ ᠲᠤ ᠰᠤᠮᠤᠨ ᠠᠩᠬᠢ ᠠᠴᠠ ᠠᠵᠢᠯᠳᠠᠨ ᠠᠵᠢᠯᠴᠢᠨ ᠤ ᠲᠠᠷᠢᠵᠤ ᠲᠡᠵᠢᠭᠡᠬᠦ ᠦᠢᠯᠡᠰ᠂ ᠠᠮᠢ ᠠᠬᠤᠢ ᠶᠢᠨ ᠵᠢᠭᠤᠯᠴᠢᠯᠠᠯ ᠪᠣᠯᠤᠨ ᠲᠠᠷᠢᠶᠠᠴᠢᠨ ᠠᠶᠢᠯ ᠤᠨ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ ᠳᠡᠮᠵᠢᠵᠦ᠂ ᠠᠵᠢᠯᠳᠠᠨ ᠠᠵᠢᠯᠴᠢᠨ ᠤ ᠣᠷᠣᠯᠭ᠎ᠠ ᠶᠢ ᠨᠡᠮᠡᠭᠳᠡᠭᠦᠯᠦᠭᠰᠡᠨ ᠠᠷᠭ᠎ᠠ ᠬᠢᠳᠡᠯ ᠢ ᠮᠠᠭᠲᠠᠨ ᠰᠠᠶᠢᠰᠢᠶᠠᠪᠠ᠃ ᠰᠢ  ᠶᠢᠨ ᠫᠢᠩ᠂ ᠪᠢᠩᠲ᠋ᠤᠸᠠᠨ ᠤ ᠲᠠᠷᠢᠶᠠᠯᠠᠩ ᠤᠨ ᠮᠠᠰᠢᠨᠴᠢᠯᠠᠯᠳᠠ ᠶᠢᠨ ᠬᠡᠮᠵᠢᠶ᠎ᠡ ᠥᠨᠳᠥᠷ᠂ ᠲᠠᠷᠢᠶᠠᠯᠠᠩ ᠤᠨ ᠬᠡᠪᠴᠢᠶᠡᠵᠢᠭᠰᠡᠨ ᠦᠢᠯᠡᠳᠪᠦᠷᠢᠯᠡᠯ᠂ ᠠᠵᠤ ᠦᠢᠯᠡᠰᠵᠢᠭᠰᠡᠨ ᠡᠵᠡᠩᠨᠡᠯᠲᠡ ᠶᠢᠨ ᠨᠥᠬᠦᠴᠡᠯ ᠰᠠᠶᠢᠨ᠂ ᠠᠮᠤ ᠪᠤᠳᠠᠭ᠎ᠠ ᠬᠥᠪᠥᠩ ᠲᠤᠰᠤ᠂ ᠵᠢᠮᠢᠰ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠵᠡᠷᠭᠡ ᠲᠠᠯ᠎ᠠ ᠪᠠᠷ ᠢᠯᠡᠳᠲᠡ ᠳᠠᠪᠠᠭᠤᠯᠢᠭ ᠲᠠᠢ ᠪᠠᠶᠢᠵᠤ᠂ ᠮᠠᠨ ᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠬᠦ ᠬᠡᠷᠡᠭᠲᠡᠢ᠃ ᠪᠢᠩᠲ᠋ᠤᠸᠠᠨ ᠤ ᠬᠥᠭᠵᠢᠯᠲᠡ ᠶᠢ ᠳᠡᠮᠵᠢᠬᠦ ᠨᠠᠮ ᠤᠨ ᠲᠥᠪ ᠬᠤᠷᠢᠶᠠᠨ ᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠢᠩᠲ᠋ᠤᠸᠠᠨ ᠤ ᠳᠠᠪᠠᠭᠤᠯᠢᠭ ᠢ ᠪᠠᠳᠠᠷᠠᠭᠤᠯᠤᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠵᠦ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ᠂ ᠮᠠᠯ ᠠᠵᠤ ᠠᠬᠤᠢ ᠲᠠᠷᠢᠶᠠᠯᠠᠩ ᠤᠨ ᠪᠣᠬᠢᠷᠲᠤᠯ ᠦᠭᠡᠢ ᠥᠨᠳᠥᠷ ᠪᠦᠲᠦᠮᠵᠢᠲᠡᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃      143 ᠳ᠋ᠤᠭᠠᠷ ᠬᠤᠷᠢᠶᠠᠨ ᠤ ᠬᠤᠸᠠ ᠶᠤᠸᠠᠨ ᠪᠠᠯᠭᠠᠰᠤᠨ ᠤ ᠠᠭᠤᠳᠠᠮ ᠲᠠᠯᠠᠪᠠᠢ ᠳᠡᠭᠡᠷ᠎ᠡ᠂ ᠰᠢ ᠶᠢᠨ ᠫᠢᠩ ᠪᠢᠩᠲ᠋ᠤᠸᠠᠨ ᠤ ᠺᠠᠳ᠋ᠷ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠪᠢᠩᠲ᠋ᠤᠸᠠᠨ ᠤ ᠪᠠᠶᠢᠯᠳᠤᠬᠤ ᠪᠤᠳᠤᠯᠭ᠎ᠠ ᠶᠢᠨ ᠦᠢᠯᠡᠳᠦᠯ ᠪᠤᠯ ᠣᠷᠣᠯᠠᠭᠤᠯᠵᠤ ᠪᠣᠯᠤᠰᠢ ᠦᠭᠡᠢ ᠶᠤᠮ᠃ ᠪᠢᠩᠲ᠋ᠤᠸᠠᠨ ᠤ ᠥᠭᠡᠷᠡᠴᠢᠯᠡᠯᠲᠡ ᠶᠢ ᠲᠦᠷᠭᠡᠳᠭᠡᠨ ᠠᠬᠢᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠬᠤᠳᠠ ᠬᠥᠳᠡᠭᠡ ᠡᠶ᠎ᠡ ᠵᠣᠬᠢᠴᠠᠩᠭᠤᠢ ᠬᠥᠳᠡᠭᠡ ᠨᠤᠲᠤᠭ ᠤᠨ ᠮᠠᠶ᠋ᠢᠭ ᠤᠨ ᠭᠡᠷ ᠣᠷᠣᠨ ᠢ ᠪᠠᠶᠢᠭᠤᠯᠵᠤ᠂ ᠪᠢᠩᠲ᠋ᠤᠸᠠᠨ ᠤ ᠬᠢᠯᠢ ᠬᠢᠵᠠᠭᠠᠷ ᠢ ᠠᠮᠤᠷᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ ᠶᠢᠨ ᠲᠣᠭᠲᠠᠪᠤᠷᠢᠵᠢᠭᠤᠯᠤᠭᠴᠢ ᠪᠤᠯᠬᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠨᠢᠭᠲᠠᠷᠠᠭᠤᠯᠬᠤ ᠶᠢᠨ ᠲᠤᠮᠤ ᠵᠤᠤᠬ᠎ᠠ ᠪᠤᠯᠬᠤ᠂ ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠣᠯᠤᠨ ᠲᠡᠷᠢᠭᠦᠨ ᠤ ᠰᠣᠶᠣᠯ ᠢ ᠬᠦᠭᠵᠢᠭᠦᠯᠬᠦ ᠶᠢᠨ ᠵᠢᠱᠢᠶ᠎ᠡ ᠦᠵᠡᠭᠦᠯᠬᠦ ᠣᠷᠣᠨ ᠪᠤᠯᠬᠤ ᠴᠢᠳᠠᠪᠬᠢ ᠪᠣᠯᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠪᠢᠩᠲ᠋ᠤᠸᠠᠨ ᠤ ᠲᠣᠭᠲᠠᠭᠤᠨ ᠢ ᠬᠠᠮᠠᠭᠠᠯᠠᠵᠤ ᠬᠢᠯᠢ ᠬᠢᠵᠠᠭᠠᠷ ᠢ ᠬᠠᠮᠠᠭᠠᠯᠠᠬᠤ ᠰᠢᠨ᠎ᠡ ᠳᠠᠪᠠᠭᠤᠯᠢᠭ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃      14 ᠤ ᠡᠳᠦᠷ᠂ ᠰᠢ ᠶᠢᠨ ᠫᠢᠩ ᠲᠦᠷᠫᠠᠨ ᠬᠤᠳᠠ ᠳᠤ ᠬᠦᠷᠴᠤ ᠰᠢᠨᠵᠢᠯᠡᠨ ᠪᠠᠶᠢᠴᠠᠭᠠᠪᠠ᠃ ᠦᠵᠦᠮ ᠤᠨ ᠭᠤᠤ ᠳᠤ᠂ ᠰᠢ ᠶᠢᠨ ᠫᠢᠩ ᠲᠦᠷᠫᠠᠨ ᠤ ᠤᠨᠴᠠᠯᠢᠬᠳᠤ ᠵᠢᠮᠢᠰ ᠤᠨ ᠦᠵᠡᠭᠦᠯᠭᠡ ᠶᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠤᠨᠴᠠᠯᠢᠬᠳᠤ ᠦᠵᠦᠮ ᠤᠨ ᠠᠵᠤ ᠦᠢᠯᠡᠰ ᠢ ᠬᠥᠭᠵᠢᠭᠦᠯᠵᠦ ᠪᠠᠶᠢᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ ᠪᠠᠶᠢᠬᠤ ᠵᠡᠷᠭᠡ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠲᠦᠷᠫᠠᠨ ᠦᠵᠡᠰᠭᠦᠯᠡᠩᠲᠦ ᠰᠠᠶᠢᠬᠠᠨ ᠪᠠᠶᠠᠨ ᠲᠠᠩᠰᠤᠭ᠂ ᠭᠤᠸᠠ ᠵᠢᠮᠢᠰ ᠤᠨ ᠠᠩᠬᠢᠯᠤᠮ᠎ᠠ ᠦᠨᠦᠷ ᠬᠠᠩᠬᠤᠯᠤᠨ᠎ᠠ᠂ ᠡᠨᠡ ᠪᠣᠯ ᠡᠬᠡ ᠪᠠᠶᠢᠭᠠᠯᠢ ᠶᠢᠨ ᠰᠤᠶᠤᠷᠬᠠᠯ ᠪᠣᠯᠤᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠰᠣᠶᠣᠯ ᠪᠣᠯᠤᠨ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠠᠷᠠᠳ ᠢ ᠪᠠᠶᠠᠵᠢᠭᠤᠯᠬᠤ ᠠᠵᠤ ᠦᠢᠯᠡᠰ ᠢ ᠬᠦᠭᠵᠢᠬᠦᠯᠬᠦ ᠬᠡᠷᠡᠭᠲᠡᠢ ᠭᠡᠵᠤ ᠴᠢᠬᠤᠯᠠᠴᠢᠯᠠᠪᠠ᠃      ᠰᠢ ᠶᠢᠨ ᠫᠢᠩ ᠳᠠᠷᠠᠭ᠎ᠠ ᠨᠢ ᠭᠤᠤᠴᠠᠩ ᠲᠣᠭᠤᠷᠢᠭ ᠤᠨ ᠶᠠ ᠡᠯ ᠪᠠᠯᠭᠠᠰᠤᠨ ᠤ ᠰᠢᠨ᠎ᠡ ᠬᠤᠳᠠ ᠲᠣᠭᠤᠷᠢᠭ ᠤᠨ ᠰᠢᠨ᠎ᠡ ᠬᠤᠳᠠ ᠶᠢᠨ ᠰᠢ ᠮᠧᠨ ᠼᠦᠨ ᠲᠣᠰᠬᠤᠨ ᠳᠤ ᠬᠦᠷᠴᠦ᠂ ᠤᠷᠢᠳ ᠬᠤᠵᠢᠳ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠰᠢᠨᠵᠢᠯᠡᠨ ᠪᠠᠶᠢᠴᠠᠭᠠᠪᠠ᠃ ᠲᠣᠰᠬᠤᠨ ᠤ ᠠᠭᠤᠳᠠᠮ ᠲᠠᠯᠠᠪᠠᠢ ᠳᠤ᠂ ᠲᠣᠰᠬᠤᠨ ᠤ ᠠᠷᠠᠳ ᠶᠡᠷᠦᠩᠬᠡᠢ ᠱᠦᠵᠢ ᠶᠢᠨ ᠢᠷᠡᠭᠰᠡᠨ ᠢ ᠦᠵᠡᠭᠡᠳ ᠪᠠᠶᠠᠷᠯᠠᠨ ᠬᠠᠰᠭᠢᠷᠤᠯᠳᠤᠵᠤ ᠬᠦᠷᠢᠶᠡᠯᠡᠨ ᠢᠷᠡᠵᠤ᠂ ᠥᠨᠳᠥᠷ ᠲᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠵᠤ ᠪᠠᠶᠢᠯ᠎ᠠ᠃ ᠰᠢ ᠶᠢᠨ ᠫᠢᠩ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠳᠡᠭᠡ ᠲᠣᠰᠬᠤᠨ ᠢ ᠨᠠᠩ ᠪᠠᠶᠠᠨ ᠴᠢᠨᠡᠭᠡᠯᠢᠭ᠂ ᠠᠮᠢᠳᠤᠷᠠᠯ ᠢ ᠨᠠᠩ ᠵᠣᠯ ᠵᠢᠷᠭᠠᠯ ᠲᠠᠢ᠂ ᠬᠥᠳᠡᠭᠡ ᠲᠣᠰᠬᠤᠨ ᠢ ᠨᠠᠩ ᠦᠵᠡᠰᠭᠦᠯᠡᠩᠲᠦ ᠰᠠᠶᠢᠬᠠᠨ ᠪᠣᠯᠭᠠᠬᠤ ᠬᠡᠷᠡᠭᠲᠡᠶ ᠭᠡᠵᠤ ᠵᠢᠭᠠᠵᠤ ᠭᠠᠷᠭᠠᠵᠠᠢ᠃ ᠰᠢ ᠶᠢᠨ ᠫᠢᠩ ᠠᠳᠡᠬᠢ ᠨᠤᠲᠤᠭ ᠤᠨ ᠠᠬ᠎ᠠ ᠳᠡᠭᠦᠦ ᠨᠡᠷ ᠤᠨ ᠠᠮᠢᠳᠤᠷᠠᠯ ᠡᠳᠦᠷ ᠠᠴᠠ ᠡᠳᠦᠷ ᠥᠭᠡᠳᠡᠯᠡᠵᠦ᠂ ᠬᠡᠦᠬᠡᠳ ᠤᠳ ᠢᠳᠡᠷᠡᠭᠦᠨ ᠢᠶᠠᠷ ᠦᠰᠦᠨ ᠪᠣᠶᠢᠵᠢᠬᠤ ᠶᠢ ᠬᠦᠰᠡᠨ ᠵᠥᠩᠨᠡᠪᠡ᠃      ᠲᠦᠷᠫᠠᠨ ᠬᠤᠳᠠ ᠳᠤ᠂ ᠰᠢ ᠶᠢᠨ ᠫᠢᠩ ᠪᠠᠰᠠ ᠳᠡᠯᠡᠬᠡᠢ ᠶᠢᠨ ᠰᠣᠶᠣᠯ ᠤᠨ ᠥᠪ ᠪᠤᠯᠬᠤ ᠵᠢᠶᠤᠤ ᠾᠧ ᠶᠢᠨ ᠬᠠᠭᠤᠴᠢᠨ ᠬᠤᠳᠠ ᠳᠤ ᠰᠢᠨᠵᠢᠯᠡᠨ ᠪᠠᠶᠢᠴᠠᠭᠠᠪᠠ᠃ ᠵᠢᠶᠤᠤ ᠾᠧ ᠶᠢᠨ ᠬᠠᠭᠤᠴᠢᠨ ᠬᠤᠲᠠ ᠪᠣᠯ ᠳᠡᠯᠡᠬᠡᠶ ᠳᠡᠭᠡᠷᠡᠬᠢ ᠬᠠᠮᠤᠭ ᠤᠨ ᠪᠦᠷᠢᠨ ᠪᠦᠲᠦᠨ᠂ ᠦᠷᠭᠦᠯᠵᠢᠯᠡᠭᠰᠡᠨ ᠴᠠᠭ ᠢᠶᠠᠷ ᠬᠠᠮᠤᠭ ᠤᠨ ᠣᠷᠳᠣ᠂ ᠬᠡᠪᠴᠢᠶ᠎ᠡ ᠪᠠᠷ ᠬᠠᠮᠤᠭ ᠤᠨ ᠶᠡᠭᠡ ᠲᠦᠭᠦᠬᠡᠶ ᠰᠢᠷᠣᠶ ᠶᠢᠨ ᠪᠦᠲᠦᠴᠡ ᠲᠠᠢ ᠡᠷᠲᠡᠨ ᠤ ᠪᠠᠷᠢᠯᠭ᠎ᠠ ᠶᠢᠨ ᠬᠤᠲᠠ ᠪᠣᠯᠤᠨ᠎ᠠ᠃ ᠰᠢ ᠶᠢᠨ ᠫᠢᠩ᠂ ᠵᠢᠶᠤᠤ ᠾᠧ ᠶᠢᠨ ᠬᠠᠭᠤᠴᠢᠨ ᠬᠤᠳᠠ ᠪᠣᠯ ᠲᠣᠷᠭᠠᠨ ᠵᠠᠮ ᠤᠨ ᠵᠠᠮ ᠬᠠᠷᠢᠯᠴᠠᠭᠠᠨ ᠤ ᠴᠢᠬᠤᠯᠠ ᠵᠠᠮ ᠮᠥᠨ᠂ ᠳᠤᠮᠳᠠᠳᠤ ᠶᠢᠨ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠤ ᠲᠡᠦᠬᠡᠨ ᠳᠡᠭᠡᠷᠡᠬᠢ ᠨᠢᠭᠡᠨ ᠴᠢᠬᠤᠯᠠ ᠭᠡᠷᠡᠴᠢ ᠮᠥᠨ᠂ ᠴᠢᠬᠤᠯᠠ ᠲᠡᠦᠬᠡ ᠶᠢᠨ ᠤᠬᠠᠭᠠᠨ ᠤ ᠦᠨ᠎ᠡ ᠦᠷᠳᠡᠭ ᠲᠠᠢ ᠶᠤᠮ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠵᠤ᠂ ᠳᠤᠮᠳᠠᠳᠤ ᠶᠢᠨ ᠰᠣᠶᠣᠯ ᠤᠨ ᠤᠯᠠᠨ ᠤᠯᠤᠰ ᠲᠠᠬᠢ ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠥᠷᠭᠡᠳᠭᠡᠵᠦ᠂ ᠦᠨᠳᠦᠰᠦᠲᠡᠨ ᠤ ᠤᠮᠤᠬᠰᠢᠯᠳᠤ ᠰᠡᠳᠭᠢᠯᠭᠡ᠂ ᠰᠣᠶᠣᠯ ᠤᠨ ᠢᠲᠡᠭᠡᠯ ᠢ ᠨᠡᠮᠡᠭᠳᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃      15 ᠤ ᠦᠳᠡ ᠶᠢᠨ ᠡᠮᠦᠨ᠎ᠡ᠂ ᠰᠢ ᠶᠢᠨ ᠫᠢᠩ ᠰᠢᠨᠵᠢᠶᠠᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨᠵᠢᠶᠠᠩ ᠤᠨ ᠡᠯ᠎ᠡ ᠵᠦᠢᠯ ᠤᠨ ᠠᠵᠢᠯ ᠳᠤ ᠣᠯᠤᠭᠰᠠᠨ ᠠᠮᠵᠢᠯᠲᠠ ᠶᠢ ᠨᠤᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠳᠤ ᠥᠷᠭᠡᠨ ᠤᠯᠠᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠰᠢᠨᠵᠢᠶᠠᠩ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢ ᠬᠦᠰᠡᠪᠡ᠃      ᠰᠢ ᠶᠢᠨ ᠫᠢᠩ᠂ ᠰᠢᠨᠵᠢᠶᠠᠩ ᠤᠨ ᠠᠵᠢᠯ ᠤᠨ ᠶᠡᠷᠦᠩᠬᠡᠢ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠢ ᠤᠳᠠᠭᠠᠨ ᠠᠮᠤᠷ ᠲᠦᠪᠰᠢᠨ ᠪᠠᠶᠢᠬᠤ ᠲᠠᠢ ᠬᠤᠯᠪᠣᠭᠳᠠᠬᠤ ᠦᠨᠳᠦᠰᠦᠨ ᠴᠢᠨᠠᠷᠲᠠᠢ᠂ ᠰᠠᠭᠤᠷᠢ ᠴᠢᠨᠠᠷᠲᠠᠢ᠂ ᠠᠯᠤᠰ ᠬᠡᠳᠦ ᠶᠢᠨ ᠴᠢᠨᠠᠷᠲᠠᠢ ᠠᠵᠢᠯ ᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠪᠦᠲᠦᠮᠵᠢᠲᠡᠶ ᠠᠷᠭ᠎ᠠ ᠶᠢ ᠲᠠᠰᠤᠷᠠᠯᠲᠠ ᠥᠬᠡᠶ ᠰᠦᠪᠡᠭᠴᠢᠯᠡᠵᠦ᠂ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠪᠣᠳᠠᠲᠤ ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠰᠢᠨᠵᠢᠶᠠᠩ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ ᠃ ᠰᠢᠨᠵᠢᠶᠠᠩ ᠤᠨ ᠤᠷᠳᠤ ᠬᠤᠭᠤᠴᠠᠭᠠᠨ ᠤ ᠲᠣᠭᠲᠠᠭᠤᠨ ᠢ ᠪᠠᠲᠤᠯᠠᠬᠤ ᠳᠤ ᠬᠠᠮᠤᠭ ᠤᠨ ᠴᠢᠬᠤᠯᠠ ᠨᠢ ᠬᠥᠮᠦᠰ ᠤᠨ ᠰᠡᠳᠭᠢᠯ ᠳᠤ ᠪᠠᠶᠢᠨ᠎ᠠ᠃ ᠪᠦᠯᠬᠦᠮᠳᠡᠨ ᠨᠢᠭᠡᠳᠴᠦ ᠬᠤᠯᠠ ᠶᠢ ᠬᠠᠷᠠᠬᠤ ᠶᠢ ᠪᠠᠷᠢᠮᠲᠠᠯᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠲᠣᠭᠲᠠᠭᠤᠨ ᠢ ᠪᠠᠲᠤᠯᠠᠬᠤ᠂ ᠬᠥᠭᠵᠢᠯᠲᠡ ᠶᠢ ᠰᠦᠪᠡᠭᠴᠢᠯᠡᠬᠦ᠂ ᠥᠭᠡᠷᠡᠴᠢᠯᠡᠯᠲᠡ ᠶᠢ ᠠᠬᠢᠭᠤᠯᠬᠤ ᠳᠤᠮᠳᠠᠬᠢ ᠢᠳᠡᠪᠬᠢ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠢ ᠠᠩᠬᠠᠷᠤᠨ ᠰᠣᠨᠣᠰᠬᠤ ᠬᠡᠷᠡᠭᠲᠡᠢ᠃ ᠲᠣᠭᠲᠠᠭᠤᠨ ᠢ ᠬᠠᠮᠠᠭᠠᠯᠠᠬᠤ ᠠᠵᠢᠯ ᠢ ᠬᠠᠤᠯᠢᠵᠢᠭᠤᠯᠤᠨ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠤᠯᠠᠨ ᠲᠡᠰ ᠳᠠᠪᠬᠤᠷᠭ᠎ᠠ᠂ ᠪᠦᠬᠦ ᠲᠠᠯ᠎ᠠ᠂ ᠪᠣᠰᠤᠭ᠎ᠠ ᠴᠣᠭᠴᠠᠲᠤ ᠬᠡᠯᠪᠡᠷᠢ ᠪᠠᠷ ᠰᠢᠨᠵᠢᠶᠠᠩ ᠳᠤ ᠬᠤᠯᠪᠣᠭᠳᠠᠭᠰᠠᠨ ᠭᠠᠳᠠᠭᠠᠳᠤ ᠤᠬᠠᠭᠤᠯᠭ᠎ᠠ ᠶᠢ ᠥᠷᠨᠢᠭᠦᠯᠵᠦ᠂ ︽ᠤᠷᠢᠵᠤ ᠠᠪᠴᠢᠷᠠᠬᠤ︾ ᠠᠵᠢᠯ ᠢ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠰᠢᠨᠵᠢᠶᠠᠩ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠪᠣᠯᠪᠠᠰᠤᠨ ᠪᠣᠯ ᠰᠢᠨᠵᠢᠶᠠᠩ ᠤᠨ ᠦᠨᠳᠦᠰᠦᠲᠡᠨ ᠨᠦᠭᠦᠳ ᠤᠨ ᠰᠣᠶᠣᠯ ᠤᠨ ᠦᠨᠳᠦᠰᠦ ᠰᠤᠷᠪᠤᠯᠵᠢ ᠮᠥᠨ᠃ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠰᠢᠨᠵᠢᠶᠠᠩ ᠤᠨ ᠲᠡᠦᠬᠡ ᠣᠨᠴᠠᠭᠠᠶᠢᠯᠠᠨ ᠦᠨᠳᠦᠰᠦᠲᠡᠨ ᠤ ᠬᠥᠭᠵᠢᠯᠲᠡ ᠶᠢᠨ ᠲᠡᠦᠬᠡ ᠶᠢ ᠵᠥᠪ ᠲᠠᠨᠢᠭᠤᠯᠵᠤ᠂ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠠᠲᠤ ᠪᠤᠢ ᠪᠣᠯᠭᠠᠵᠤ᠂ ᠳᠤᠮᠳᠠᠳᠤ ᠶᠢᠨ ᠰᠡᠳᠭᠢᠯ᠂ ᠳᠤᠮᠳᠠᠳᠤ ᠶᠢᠨ ᠰᠦᠭ ᠰᠦᠨᠡᠰᠦ ᠶᠢ ᠪᠠᠲᠤ ᠴᠣᠭᠴᠠᠯᠠᠬᠤ ᠬᠡᠷᠡᠭᠲᠡᠢ᠂ ᠢᠯᠠᠩᠭᠤᠶ᠎ᠠ ᠵᠠᠯᠠᠭᠤᠴᠤᠳ ᠪᠠᠭᠠᠴᠤᠳ ᠤᠨ ︽ᠰᠠᠭᠤᠷᠢ ᠶᠢ ᠲᠠᠯᠪᠢᠬᠤ︾ ᠢᠨᠵᠧᠨᠧᠷᠢᠩ ᠢ ᠭᠦᠨᠵᠡᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ᠃ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠨ ᠵᠠᠢ᠂ ᠰᠣᠶᠣᠯ᠂ ᠠᠵᠤ ᠠᠬᠤᠢ᠂ ᠨᠡᠶᠢᠭᠡᠮ᠂ ᠰᠡᠳᠭᠢᠴᠡ ᠵᠡᠷᠭᠡ ᠲᠠᠯ᠎ᠠ ᠪᠠᠷ ᠪᠦᠬᠦ ᠲᠠᠯ᠎ᠠ ᠪᠠᠷ ᠠᠭᠤᠰᠤᠯᠴᠠᠭᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ ᠢᠰᠯᠠᠮ ᠤᠨ ᠱᠠᠰᠢᠨ ᠢ ᠳᠤᠮᠳᠠᠳᠤ ᠤᠯᠤᠰᠴᠢᠯᠠᠬᠤ ᠴᠢᠭᠯᠡᠯ ᠢ ᠨᠡᠩ ᠰᠠᠶᠢᠲᠤᠷ ᠪᠠᠷᠢᠮᠲᠠᠯᠠᠵᠤ᠂ ᠱᠠᠰᠢᠨ ᠰᠤᠷᠲᠠᠬᠤᠨ ᠢ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠬᠤ ᠬᠡᠷᠡᠭᠲᠡᠢ᠃ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ ᠦᠵᠡᠯᠲᠡ ᠳᠤ ᠨᠠᠪᠳᠡᠷᠡᠭᠰᠡᠨ᠂ ᠱᠠᠰᠢᠨ ᠰᠤᠷᠲᠠᠬᠤᠨ ᠤ ᠠᠵᠢᠯ ᠢ ᠰᠠᠶᠢᠨ ᠮᠡᠳᠡᠳᠡᠭ᠂ ᠱᠠᠰᠢᠨ ᠰᠢᠲᠦᠳᠡᠭ ᠤᠯᠠᠨ ᠲᠦᠮᠡᠨ ᠤ ᠠᠵᠢᠯ ᠢ ᠬᠢᠬᠦ ᠳᠡᠭᠡᠨ ᠴᠢᠳᠠᠮᠠᠭᠠᠢ ᠪᠠᠶᠢᠳᠠᠭ ᠨᠠᠮ ᠵᠠᠰᠠᠭ ᠤᠨ ᠺᠠᠳ᠋ᠷ ᠤᠨ ᠡᠩᠨᠡᠭᠡ ᠶᠢ ᠬᠥᠮᠦᠵᠢᠭᠦᠯᠵᠦ᠂ ᠤᠯᠤᠰ ᠲᠦᠷᠦ ᠶᠢᠨ ᠲᠠᠯ᠎ᠠ ᠪᠠᠷ ᠨᠠᠶᠢᠳᠠᠪᠤᠷᠢᠲᠠᠢ᠂ ᠱᠠᠰᠢᠨ ᠰᠤᠷᠲᠠᠬᠤᠨ ᠤ ᠲᠠᠯ᠎ᠠ ᠪᠠᠷ ᠪᠦᠲᠦᠮᠵᠢ ᠲᠠᠢ᠂ ᠵᠠᠩ ᠮᠣᠷᠠᠯ ᠤᠨ ᠲᠠᠯ᠎ᠠ ᠪᠠᠷ ᠤᠯᠠᠨ ᠢ ᠪᠢᠰᠢᠷᠡᠭᠦᠯᠦᠭᠰᠡᠨ᠂ ᠵᠠᠩᠭᠢᠯᠠᠭ᠎ᠠ ᠶᠢᠨ ᠦᠶ᠎ᠡ ᠳᠤ ᠦᠢᠯᠡᠳᠦᠯ ᠭᠠᠷᠭᠠᠳᠠᠭ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠥᠮᠦᠰ ᠤᠨ ᠡᠩᠨᠡᠭᠡ ᠶᠢ ᠬᠥᠮᠦᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ ᠦᠵᠡᠯᠲᠡ ᠶᠢ ᠪᠠᠷᠢᠮᠲᠠᠯᠠᠳᠠᠭ᠂ ᠰᠤᠷᠤᠯᠴᠠᠬᠤ ᠰᠤᠷᠲᠠᠯ ᠰᠢᠯᠢᠳᠡᠭ᠂ ᠰᠢᠨ᠎ᠡ ᠶᠢ ᠡᠭᠦᠳᠬᠦ ᠳᠡᠭᠡᠨ ᠴᠢᠳᠠᠮᠠᠭᠠᠢ ᠪᠠᠶᠢᠳᠠᠭ ᠱᠠᠰᠢᠨ ᠰᠤᠷᠲᠠᠬᠤᠨ ᠤ ᠰᠤᠳᠤᠯᠭᠠᠨ ᠤ ᠡᠩᠨᠡᠭᠡ ᠶᠢ ᠬᠥᠮᠦᠵᠢᠭᠦᠯᠬᠦ ᠬᠡᠷᠡᠭᠲᠡᠢ᠃ ᠱᠠᠰᠢᠨ ᠰᠢᠲᠦᠳᠡᠭ ᠤᠯᠠᠨ ᠲᠦᠮᠡᠨ ᠤ ᠬᠡᠪ ᠤᠨ ᠱᠠᠰᠢᠨ ᠰᠤᠷᠲᠠᠬᠤᠨ ᠤ ᠬᠡᠷᠡᠭᠴᠡᠭᠡ ᠶᠢ ᠪᠠᠲᠤᠯᠠᠵᠤ᠂ ᠱᠠᠰᠢᠨ ᠰᠢᠲᠦᠳᠡᠭ ᠤᠯᠠᠨ ᠲᠦᠮᠡᠨ ᠢ ᠨᠠᠮ ᠪᠠ ᠵᠠᠰᠠᠭ ᠤᠨ ᠣᠷᠳᠣᠨ ᠤ ᠲᠣᠭᠤᠷᠢᠨ ᠳᠤ ᠪᠠᠲᠤ ᠪᠦᠯᠬᠦᠮᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠰᠣᠶᠣᠯ ᠢᠶᠠᠷ ᠰᠢᠨᠵᠢᠶᠠᠩ ᠢ ᠤᠮᠳᠠᠯᠠᠬᠤ ᠠᠵᠢᠯ ᠢ ᠭᠦᠨᠵᠡᠭᠡᠶᠢᠷᠡᠬᠦᠯᠦᠨ ᠥᠷᠨᠢᠭᠦᠯᠬᠦ ᠬᠡᠷᠡᠭᠲᠡᠢ᠃ ᠰᠣᠶᠣᠯ ᠤᠨ ᠬᠠᠮᠲᠤ ᠶᠢᠨ ᠲᠠᠨᠢᠯᠲᠠ ᠪᠣᠯ ᠬᠠᠮᠤᠭ ᠤᠨ ᠭᠦᠨ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠮᠥᠨ᠃ ᠲᠡᠦᠬᠡ ᠰᠣᠶᠣᠯ ᠤᠨ ᠲᠤᠬᠠᠢ ᠲᠠᠨᠢᠯᠲᠠ ᠪᠠᠨ ᠲᠥᠪ ᠪᠣᠯᠭᠠᠵᠤ᠂ ᠳᠤᠮᠳᠠᠳᠤ ᠶᠢᠨ ᠰᠣᠶᠣᠯ ᠤᠨ ᠣᠨᠴᠠᠯᠢᠭ ᠪᠠ ᠳᠤᠮᠳᠠᠳᠤ ᠶᠢᠨ ᠦᠨᠳᠦᠰᠦᠲᠡᠨ ᠤ ᠬᠠᠷᠠᠭᠠᠨ ᠰᠡᠷᠡᠯ ᠤᠨ ᠲᠦᠷᠢ ᠲᠥᠷᠬᠦ ᠶᠢ ᠲᠤᠪᠤᠶᠢᠯᠭᠠᠬᠤ ᠬᠡᠷᠡᠭᠲᠡᠢ᠃ ᠳᠤᠮᠳᠠᠳᠤ ᠶᠢᠨ ᠰᠣᠶᠣᠯ ᠤᠨ ᠨᠡᠶᠢᠲᠡᠯᠢᠭ ᠴᠢᠨᠠᠷ᠂ ᠰᠢᠨᠵᠢᠶᠠᠩ ᠪᠣᠯᠤᠨ ᠳᠣᠲᠣᠷ ᠭᠠᠵᠠᠷ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠯᠡᠷᠡᠭᠦᠯᠬᠦ ᠲᠡᠦᠬᠡᠨ ᠪᠣᠳᠠᠲᠤ ᠶᠠᠪᠤᠳᠠᠯ ᠤᠨ ᠦᠭᠡ ᠶᠠᠷᠢᠶᠠᠨ ᠤ ᠰᠢᠰᠲ᠋ᠧᠮ ᠪᠠ ᠪᠦᠲᠦᠮᠵᠢᠲᠡᠢ ᠠᠴᠢᠶᠠᠯᠠᠪᠤᠷᠢ ᠶᠢ ᠤᠯᠠᠨ ᠬᠠᠷᠠᠭᠠᠰᠤ ᠠᠴᠠ ᠪᠦᠬᠦ ᠲᠠᠯ᠎ᠠ ᠪᠠᠷ ᠪᠠᠶᠢᠭᠤᠯᠵᠤ ᠂ ᠳᠤᠮᠳᠠᠳᠤ ᠶᠢᠨ ᠰᠣᠶᠣᠯ ᠢ ᠪᠤᠳᠠᠲᠤ ᠪᠤᠳᠠᠰ ᠪᠣᠳᠠᠲᠤ ᠠᠬᠤᠢ ᠪᠣᠳᠠᠲᠤ ᠶᠠᠪᠤᠳᠠᠯ ᠢᠶᠠᠷ ᠳᠠᠮᠵᠢᠭᠤᠯᠤᠨ ᠭᠦᠢᠴᠡᠳ ᠢᠯᠡᠷᠡᠭᠦᠯᠵᠦ᠂ ᠬᠥᠮᠦᠰ ᠤᠨ ᠰᠡᠳᠭᠢᠯ ᠳᠤ ᠰᠢᠭᠤᠳ ᠬᠦᠷᠭᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠣᠯᠭᠠᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠬᠥᠭᠵᠢᠯᠲᠡ ᠪᠠ ᠲᠣᠭᠲᠠᠭᠤᠨ᠂ ᠬᠥᠭᠵᠢᠯᠲᠡ ᠪᠠ ᠠᠷᠠᠳ ᠤᠨ ᠠᠮᠢᠳᠤᠷᠠᠯ᠂ ᠬᠥᠭᠵᠢᠯᠲᠡ ᠪᠠ ᠬᠥᠮᠦᠰ ᠤᠨ ᠰᠡᠳᠭᠢᠯ ᠤᠨ ᠨᠢᠭᠲᠠ ᠬᠠᠷᠢᠴᠠᠭ᠎ᠠ ᠶᠢ ᠭᠦᠨᠵᠡᠭᠡᠢ ᠲᠠᠨᠢᠵᠤ᠂ ᠬᠥᠭᠵᠢᠯᠲᠡ ᠶᠢᠨ ᠦᠷ᠎ᠡ ᠪᠦᠲᠦᠭᠡᠯ ᠢᠶᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠥᠮᠦᠰ ᠤᠨ ᠰᠡᠳᠭᠢᠯ ᠢ ᠨᠢᠭᠲᠠᠷᠠᠭᠤᠯᠬᠤ ᠶᠢ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠭᠡᠵᠦ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠠᠵᠢᠯ ᠣᠯᠭᠤᠯᠲᠠ ᠶᠢ ᠦᠷᠬᠡᠳᠬᠡᠬᠦ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠬᠥᠳᠡᠭᠡ ᠲᠣᠰᠬᠤᠨ ᠤ ᠦᠷᠭᠦᠯᠵᠢᠯᠡᠬᠦ ᠬᠥᠭᠵᠢᠯᠲᠡ ᠶᠢᠨ ᠤᠷᠳᠤ ᠬᠤᠭᠤᠴᠠᠭᠠᠨ ᠤ ᠪᠦᠲᠦᠮᠵᠢᠲᠤ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠶᠢ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠬᠡᠷᠡᠭᠲᠡᠢ᠃ ᠭᠠᠳᠠᠭᠠᠳᠤ ᠨᠡᠭᠡᠭᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠪᠠᠷᠠᠭᠤᠨᠰᠢ ᠨᠡᠭᠡᠭᠡᠯᠲᠡ ᠬᠢᠬᠦ ᠪᠠᠬᠢᠯᠡᠯᠲᠡ ᠶᠢ ᠴᠣᠭᠴᠠᠯᠠᠵᠤ᠂ ᠲᠣᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠭᠤᠣᠯ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠴᠢᠩᠭ᠎ᠠ ᠪᠠᠶᠢᠬᠤ ᠭᠤᠣᠯ ᠬᠦᠭ ᠠᠶᠠᠰ ᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠥᠮᠦᠵᠢᠭᠦᠯᠦᠨ ᠵᠢᠯᠣᠭᠤᠳᠴᠤ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠬᠤᠪᠢᠰᠬᠠᠯ ᠤᠨ ᠰᠤᠳᠠᠰᠤ ᠶᠢ ᠦᠷᠭᠦᠯᠵᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠠᠵᠢᠯ ᠤᠨ ᠰᠤᠷᠲᠠᠯ ᠢ ᠦᠨᠡᠨ ᠬᠦ ᠰᠠᠶᠢᠵᠢᠷᠠᠭᠤᠯᠵᠤ᠂ ᠨᠣᠶᠠᠨᠴᠢ ᠰᠤᠷᠲᠠᠯ᠂ ᠬᠡᠯᠪᠡᠷᠢᠴᠢ ᠦᠵᠡᠯ ᠢ ᠡᠷᠡᠰ ᠲᠡᠪᠴᠢᠬᠦ ᠬᠡᠷᠡᠭᠲᠡᠢ᠃ ᠨᠠᠮ ᠵᠠᠰᠠᠭ ᠤᠨ ᠤᠳᠤᠷᠢᠳᠬᠤ ᠪᠠᠭ ᠤᠨ ᠪᠦᠲᠦᠴᠡ ᠶᠢ ᠰᠢᠯᠢᠳᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠤᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠪᠢᠩᠲ᠋ᠤᠸᠠᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠵᠤ᠂ ᠰᠢᠨᠵᠢᠶᠠᠩ ᠤᠨ ᠠᠵᠢᠯ ᠤᠨ ᠶᠡᠷᠦᠩᠬᠡᠢ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠨᠢᠭᠡ ᠬᠥᠯᠭᠡ ᠰᠢᠲᠠᠷ᠎ᠠ ᠪᠠᠶᠢᠬᠤ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢ ᠵᠡᠷᠭᠡ ᠪᠠᠷ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠴᠡᠷᠢᠭ ᠠᠩᠭᠢ ᠪᠠ ᠣᠷᠣᠨ ᠨᠤᠲᠤᠭ ᠤᠨ ᠠᠵᠤ ᠠᠬᠤᠢ᠂ ᠨᠡᠶᠢᠭᠡᠮ᠂ ᠰᠣᠶᠣᠯ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠺᠠᠳ᠋ᠷ ᠴᠢᠳᠠᠪᠤᠷᠢᠲᠠᠨ ᠵᠡᠷᠭᠡ ᠲᠠᠯ᠎ᠠ ᠶᠢᠨ ᠠᠭᠤᠰᠤᠯᠴᠠᠨ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠵᠤ᠂ ᠲᠤᠨᠤᠭ ᠲᠥᠬᠦᠭᠡᠷᠦᠮᠵᠢ ᠶᠢ ᠬᠠᠮᠲᠤ ᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠭᠦᠨᠵᠡᠭᠡᠢ ᠠᠭᠤᠰᠤᠯᠴᠠᠭᠤᠯᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠰᠢᠨᠵᠢᠶᠠᠩ ᠤᠨ ᠠᠵᠢᠯ ᠢ ᠰᠠᠶᠢᠲᠤᠷ ᠬᠢᠬᠦ ᠨᠢ ᠶᠡᠭᠡ ᠲᠠᠯ᠎ᠠ ᠳᠤ ᠬᠤᠯᠪᠣᠭᠳᠠᠵᠤ᠂ ᠪᠦᠬᠦ ᠨᠠᠮ ᠪᠦᠬᠦ ᠤᠯᠤᠰ ᠤᠨ ᠶᠡᠭᠡ ᠶᠠᠪᠤᠳᠠᠯ ᠪᠣᠯᠤᠨ᠎ᠠ᠃ ᠪᠦᠬᠦ ᠨᠠᠮ ᠢᠶᠠᠷ ᠢᠶᠠᠨ ᠴᠥᠮ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ ᠦᠨᠳᠦᠷᠴᠡ ᠠᠴᠠ ᠰᠢᠨᠵᠢᠶᠠᠩ ᠤᠨ ᠠᠵᠢᠯ ᠤᠨ ᠴᠢᠬᠤᠯᠠ ᠴᠢᠨᠠᠷ ᠢ ᠲᠠᠨᠢᠵᠤ᠂ ᠠᠵᠢᠯ ᠲᠦᠷᠦᠯ ᠢᠶᠠᠷ ᠰᠢᠨᠵᠢᠶᠠᠩ ᠢ ᠲᠤᠰᠠᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠠᠵᠢᠯ ᠲᠦᠷᠦᠯ ᠢᠶᠠᠷ ᠰᠢᠨᠵᠢᠶᠠᠩ ᠢ ᠲᠤᠰᠠᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠶᠠᠩ ᠤᠨ ᠠᠵᠢᠯ ᠢ ᠬᠠᠮᠲᠤ ᠪᠠᠷ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠪᠠᠷ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠠᠷᠢᠭᠤ ᠮᠡᠳᠡᠭᠦᠯᠦᠯᠲᠡ ᠶᠢᠨ ᠬᠤᠷᠠᠯ ᠠᠴᠠ ᠡᠮᠦᠨ᠎ᠡ᠂ ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠲᠤᠰᠬᠠᠢ ᠤᠷᠤᠨ ᠬᠤᠳᠠ ᠶᠢᠨ ᠬᠠᠷᠢᠭᠤᠴᠠᠯᠭᠠᠲᠠᠨ ᠨᠥᠬᠦᠳ ᠵᠢᠴᠢ ᠠᠬᠠᠮᠠᠳ ᠨᠥᠬᠦᠳ ᠤᠨ ᠲᠥᠯᠥᠭᠡᠯᠡᠭᠴᠢ᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠲᠥᠯᠥᠭᠡᠯᠡᠭᠴᠢ᠂ ᠰᠢᠨᠵᠢᠶᠠᠩ ᠢ ᠲᠤᠰᠠᠯᠠᠬᠤ ᠺᠠᠳ᠋ᠷ ᠤᠨ ᠲᠥᠯᠥᠭᠡᠯᠡᠭᠴᠢ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠲᠥᠯᠥᠭᠡᠯᠡᠭᠴᠢ᠂ ᠱᠠᠰᠢᠨ ᠰᠤᠷᠲᠠᠬᠤᠨ ᠤ ᠡᠲᠡᠭᠡᠳ ᠤᠨ ᠤᠯᠤᠰ ᠢᠶᠠᠨ ᠬᠠᠶᠢᠷᠠᠯᠠᠭᠴᠢ ᠬᠥᠮᠦᠰ ᠤᠨ ᠲᠥᠯᠥᠭᠡᠯᠡᠭᠴᠢ ᠲᠠᠢ ᠲᠤᠰ ᠲᠤᠰ ᠠᠭᠤᠯᠵᠠᠪᠠ᠃ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ ᠲᠩᠷᠢ ᠠᠭᠤᠯᠠ ᠶᠢᠨ ᠠᠷᠤ ᠦᠪᠦᠷ ᠲᠤ ᠠᠵᠢᠯᠯᠠᠵᠤ ᠲᠡᠮᠡᠴᠡᠵᠦ ᠪᠠᠶᠢᠭ᠎ᠠ ᠥᠷᠭᠡᠨ ᠤᠯᠠᠨ ᠨᠥᠬᠦᠳ ᠲᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃      7 ᠰᠠᠷ᠎ᠠ ᠶᠢᠨ 15 ᠤ ᠦᠳᠡ ᠶᠢᠨ ᠡᠮᠦᠨ᠎ᠡ᠂ ᠰᠢ ᠶᠢᠨ ᠫᠢᠩ ᠦᠷᠦᠮᠴᠢ ᠬᠤᠳᠠᠨ᠎ᠠ ᠰᠢᠨᠵᠢᠶᠠᠩ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠬᠦᠯᠢᠶᠡᠨ ᠠᠪᠴᠤ ᠠᠭᠤᠯᠵᠠᠪᠠ᠃ ᠰᠢ ᠶᠢᠨ ᠫᠢᠩ ᠰᠢᠨᠵᠢᠶᠠᠩ ᠳᠤ ᠰᠠᠭᠤᠭ᠎ᠠ ᠴᠡᠷᠢᠭ ᠠᠩᠬᠢ ᠶᠢᠨ ᠪᠦᠬᠦ ᠨᠥᠬᠦᠳ ᠲᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ᠂ ᠰᠢᠨᠵᠢᠶᠠᠩ ᠳᠤ ᠰᠠᠭᠤᠭ᠎ᠠ ᠴᠡᠷᠢᠭ ᠠᠩᠬᠢ ᠶᠢᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ᠂ ᠰᠢᠨᠵᠢᠶᠠᠩ ᠢ ᠲᠣᠭᠲᠠᠪᠤᠷᠢᠵᠢᠭᠤᠯᠵᠤ ᠰᠢᠨᠵᠢᠶᠠᠩ ᠢ ᠮᠠᠨᠳᠤᠭᠤᠯᠬᠤ ᠳᠤ ᠦᠵᠡᠭᠦᠯᠦᠭᠰᠡᠨ ᠲᠤᠪᠤᠶᠢᠮ᠎ᠠ ᠬᠤᠪᠢ ᠨᠡᠮᠡᠷᠢ ᠶᠢ ᠭᠦᠢᠴᠡᠳ ᠨᠤᠲᠠᠯᠠᠪᠠ᠃ ᠲᠡᠷᠡ᠂ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠰᠢᠨᠵᠢᠶᠠᠩ ᠤᠨ ᠨᠡᠶᠢᠭᠡᠮ ᠤᠨ ᠲᠣᠭᠲᠠᠭᠤᠨ ᠪᠠ ᠥᠨᠢ ᠤᠳᠠᠭᠠᠨ ᠠᠮᠤᠷ ᠲᠣᠭᠲᠠᠭᠤᠨ ᠪᠠᠶᠢᠬᠤ ᠶᠢ ᠠᠬᠢᠭᠤᠯᠬᠤ ᠳᠤ ᠢᠳᠡᠪᠬᠢ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃      15 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠨᠵᠢᠶᠠᠩ ᠠᠴᠠ ᠠᠶᠠᠷᠯᠠᠨ ᠰᠠᠯᠵᠤ ᠪᠡᠭᠡᠵᠢᠩ ᠳᠤ ᠪᠤᠴᠠᠬᠤ ᠦᠶ᠎ᠡ ᠳᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠵᠠᠮ ᠤᠨ ᠬᠠᠵᠠᠭᠤ ᠳᠤ ᠵᠤᠬᠰᠤᠨ ᠶᠡᠷᠦᠩᠬᠡᠢ ᠱᠦᠵᠢ ᠶᠢ ᠬᠠᠯᠠᠭᠤᠨ ᠢᠶᠠᠷ ᠦᠳᠡᠨ ᠮᠣᠷᠳᠠᠭᠤᠯᠵᠤ᠂ ᠪᠠᠶᠠᠷᠯᠠᠯᠳᠤᠨ ᠬᠠᠰᠬᠢᠷᠤᠯᠳᠤᠬᠤ ᠲᠠᠭᠤᠨ ᠪᠠ ᠠᠯᠠᠭ᠎ᠠ ᠲᠠᠰᠢᠬᠤ ᠲᠠᠭᠤᠨ ᠤᠳᠠᠲᠠᠯ᠎ᠠ ᠦᠷᠭᠦᠯᠵᠢᠯᠡᠪᠡ᠃      ᠳ᠋ᠢᠩ ᠰᠢᠤᠸᠠᠢ ᠰᠢᠶᠠᠩ᠂ ᠯᠢᠦ ᠾᠧ᠂ ᠵᠠᠩ ᠶᠢᠤ ᠰᠢᠶᠠ᠂ ᠴᠧᠨ ᠰᠢ᠂ ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃ ︵ᠰᠢᠨᠬᠤᠸᠠ ᠬᠤᠷᠢᠶᠠᠨ ᠤ ᠦᠷᠦᠮᠴᠢ ᠶᠢᠨ 7 ᠰᠠᠷ᠎ᠠ ᠶᠢᠨ 15 ᠤ ᠴᠠᠬᠢᠯᠭᠠᠨ ᠮᠡᠳᠡᠭᠡ︶
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1