ᠨᠢᠭᠡᠨ ᠡᠷᠡᠭᠲᠡᠶ ᠬᠦᠯᠲᠡᠬᠦᠷ ᠲᠤ ᠰᠤᠶᠢᠬᠰᠠᠨ ᠬᠠᠷ᠎ᠠ ᠴᠠᠢ ᠶᠢ ᠨᠢᠭᠡ ᠯᠡ ᠠᠮᠢᠰᠬᠤᠭ᠎ᠠ ᠪᠠᠷ ᠤᠤᠭᠤᠵᠤ ᠴᠢᠰᠤ ᠪᠠᠷ ᠪᠥᠭᠡᠯᠵᠢᠪᠡ
ᠨᠡᠶᠢᠲᠡᠯᠡᠭᠰᠡᠨ ᠴᠠᠭ᠄
2022/7/25
      7 ᠰᠠᠷ᠎ᠠ ᠶᠢᠨ 19 ᠤ ᠡᠳᠦᠷ᠂ ᠬᠠᠷᠠᠮᠥ᠋ᠷᠡᠨ ᠤ ᠬᠠᠷᠪᠢᠨ ᠬᠤᠲᠠ ᠶᠢᠨ ᠨᠢᠭᠡᠨ ᠡᠷᠡᠭᠲᠡᠶ ᠬᠦᠯᠲᠡᠬᠦᠷ ᠲᠤ ᠰᠤᠶᠢᠬᠰᠠᠨ ᠬᠠᠷ᠎ᠠ ᠴᠠᠢ ᠵᠢ‌ᠨᠢᠭᠡ ᠯᠡ ᠠᠮᠢᠰᠬᠤᠭ᠎ᠠ ᠪᠠᠷ ᠤᠤᠭᠤᠵᠤ ᠪᠠᠷᠠᠭᠰᠠᠨ ᠤ ᠳᠠᠷᠠᠭ᠎ᠠ ᠭᠡᠨᠡᠳᠲᠡ ᠴᠢᠰᠤ ᠪᠠᠷ ᠪᠥᠭᠡᠯᠵᠢᠪᠡ᠃ ᠡᠨᠡ ᠶᠠᠮᠠᠷ ᠤᠴᠢᠷ ᠪᠣᠯᠪᠠ︖              ᠬᠠᠷᠪᠢᠨ ᠤ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠳᠤ ᠡᠮᠨᠡᠯᠭᠡ ᠶᠢᠨ ᠬᠤᠷᠢᠶᠠᠨ ᠤ ᠪᠠᠴᠢᠮ ᠡᠮᠨᠡᠬᠦ ᠲᠠᠰᠤᠭ ᠤᠨ ᠰᠤᠪᠢᠯᠠᠭᠴᠢ ᠶᠢᠨ ᠳᠠᠷᠤᠭ᠎ᠠ ᠮᠠ ᠱᠧᠩ ᠨᠠᠨ ᠬᠡᠯᠡᠬᠦ ᠳᠡᠭᠡᠨ᠄ ᠲᠠᠪᠠᠭᠤ ᠴᠤ ᠲᠦᠷᠭᠡᠨ  ᠲᠤᠤᠷ᠎ᠠ ᠪᠠᠨ ᠡᠮᠨᠡᠬᠦᠯᠦᠭᠰᠡᠨ ᠳᠡᠭᠡᠨ ᠪᠤᠯᠵᠠᠢ᠂ ᠬᠡᠷᠪᠡ ᠲᠡᠶᠢᠮᠦ ᠪᠢᠰᠢ ᠪᠣᠯ ᠡᠪᠡᠳᠴᠢᠲᠡᠨ ᠠᠮᠢ ᠨᠠᠰᠤᠨ ᠤ  ᠠᠶᠤᠯ ᠲᠠᠢ ᠪᠠᠶᠢᠵᠤ ᠮᠡᠳᠡᠨ᠎ᠡ ᠭᠡᠪᠡ᠃        ᠬᠠᠷᠪᠢᠨ ᠤ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠳᠤ ᠨᠢᠭᠡᠳᠦᠭᠡᠷ ᠡᠮᠨᠡᠯᠭᠡ ᠶᠢᠨ ᠬᠤᠷᠢᠶᠠᠨ ᠤ ᠰᠢᠩᠭᠡᠭᠡᠯᠲᠡ ᠶᠢᠨ ᠳᠣᠲᠣᠷ ᠰᠠᠯᠠᠭᠠᠨ ᠤ ᠳᠡᠳ᠋ ᠡᠷᠬᠢᠯᠡᠭᠴᠢ᠂ ᠫᠷᠤᠹᠧᠰᠰᠤᠷ ᠮᠠ ᡁᠢ ᠪᠢᠨ ᠬᠡᠯᠡᠬᠦ  ᠳᠡᠭᠡᠨ᠄  ᠬᠤᠳᠣᠭᠤᠳᠣᠨ ᠠᠮᠠᠰᠠᠷ ᠤᠷᠠᠭᠳᠠᠭᠰᠠᠨ‌ᠡᠴᠠ ᠪᠣᠯᠵᠣ ᠳᠡᠭᠡᠳᠤ ᠰᠢᠩᠭᠡᠭᠡᠯᠲᠡ ᠶᠢᠨ ᠵᠠᠮ ᠠᠴᠠ ᠴᠢᠰᠤ ᠭᠠᠷᠤᠭᠰᠠᠨ ᠴᠢᠨᠠᠷᠲᠠᠶ ᠮᠠᠨᠠᠷᠠᠯ ᠡᠭᠦᠰᠴᠦ᠂ ᠪᠥᠭᠡᠯᠵᠢᠬᠦ ᠶᠠᠪᠤᠴᠠ ᠳᠤ ᠤᠯᠠᠭᠠᠨ ᠬᠤᠭᠤᠯᠠᠶ ᠪᠠ ᠬᠤᠳᠣᠭᠤᠳᠣᠨ ᠤ ᠵᠠᠯᠭᠠᠯᠳᠤᠭᠰᠠᠨ ᠬᠡᠰᠡᠭ ᠤᠨ ᠰᠠᠯᠢᠰᠤᠲᠤ ᠪᠦᠷᠬᠦᠪᠴᠢ ᠤᠷᠠᠭᠳᠠᠵᠤ᠂ ᠴᠢᠰᠤ ᠭᠠᠷᠬᠤ ᠬᠡᠮᠵᠢᠶ᠎ᠡ ᠶᠡᠭᠡ ᠪᠣᠯᠬᠤ ᠳᠤ ᠬᠦᠷᠪᠡᠯ ᠴᠢᠰᠤ ᠪᠠᠷ ᠪᠥᠭᠡᠯᠵᠢᠬᠦ ᠡᠪᠡᠳᠴᠢᠨ ᠤ ᠪᠠᠶᠢᠳᠠᠯ ᠨᠡᠯᠢᠶᠡᠳ ᠠᠶᠤᠯᠲᠠᠶ ᠪᠠᠶᠢᠳᠠᠭ ᠭᠡᠪᠡ᠃              ᠡᠮᠴᠢ ᠰᠤᠪᠢᠯᠠᠭᠴᠢ ᠨᠢᠭᠡ ᠲᠠᠯ᠎ᠠ ᠪᠠᠷ ᠡᠪᠡᠳᠴᠢᠲᠡᠨ ᠳᠤ ᠴᠢᠰᠤ ᠶᠡᠭᠦᠯᠡᠵᠦ ᠨᠢᠭᠡ ᠲᠠᠯ᠎ᠠ ᠪᠠᠷ ᠪᠠᠴᠢᠮ  ᠮᠡᠰᠡ ᠵᠠᠰᠠᠯ ᠬᠢᠵᠦ ᠴᠢᠰᠤ ᠭᠠᠷᠬᠤ ᠡᠬᠢ ᠰᠤᠷᠪᠤᠯᠵᠢ ᠶᠢ ᠣᠯᠵᠤ ᠵᠠᠰᠠᠭᠰᠠᠨ ᠲᠤᠯᠠ ᠠᠮᠢ ᠨᠠᠰᠤᠨ ᠤ ᠠᠶᠤᠯ ᠠᠴᠠ ᠬᠡᠯᠳᠦᠷᠢᠪᠡ᠃              ᠡᠮᠴᠢ ᠰᠠᠨᠠᠭᠤᠯᠬᠤ ᠳᠠᠭᠠᠨ᠄ ᠵᠣᠨ ᠤ ᠤᠯᠠᠷᠢᠯ ᠤᠨ ᠠᠭᠠᠭᠢᠮ᠎ᠠ ᠬᠠᠯᠠᠭᠤᠨ ᠳᠤ ᠬᠥᠮᠦᠰ ᠬᠦᠢᠲᠡᠨ ᠤᠮᠳᠠᠭᠠᠨ ᠬᠦᠢᠲᠡᠨ ᠢᠳᠡᠭᠡᠨ ᠳᠤ ᠳᠤᠷᠠᠲᠠᠶ ᠪᠠᠶᠢᠳᠠᠭ᠂ ᠡᠨᠡ ᠨᠢ ᠶᠠᠭ ᠰᠢᠩᠭᠡᠭᠡᠯᠲᠡ ᠶᠢᠨ ᠵᠠᠮ ᠳᠤ ᠰᠡᠳᠦᠯᠲᠡ ᠥᠭᠴᠦ᠂ ᠬᠤᠳᠣᠭᠤᠳᠣᠨ ᠤ  ᠠᠮᠠᠰᠠᠷ ᠤᠷᠠᠭᠳᠠᠵᠤ ᠶᠡᠭᠡ ᠪᠠᠷ ᠴᠢᠰᠤ ᠭᠠᠷᠬᠤ ᠪᠠᠶᠢᠳᠠᠯ ᠭᠠᠷᠳᠠᠭ᠃ ᠡᠨᠡ ᠨᠢ ᠠᠮᠢ ᠨᠠᠰᠤᠨ  ᠳᠤ ᠠᠶᠤᠯᠲᠠᠢ᠂ ᠵᠠᠪᠠᠯ ᠬᠢᠴᠢᠶᠡᠬᠦ  ᠬᠡᠷᠡᠭᠲᠡᠢ ᠭᠡᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1