ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ︽ᠲᠤᠬᠠᠢ ᠶᠢᠨ ᠭᠠᠵᠠᠷ ᠲᠤᠨᠢ ᠰᠢᠪᠠᠳᠠᠨ ᠰᠢᠢᠳᠪᠦᠷᠢᠯᠡᠭᠦᠯᠬᠦ + ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠬᠦ︾ ᠵᠠᠭᠪᠤᠷ ᠢᠶᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠢᠶᠠᠨ ᠲᠤᠷᠠᠳᠪᠠ
ᠨᠡᠶᠢᠲᠡᠯᠡᠭᠰᠡᠨ ᠴᠠᠭ᠄
2022/7/3
        ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠶᠢ ᠰᠢᠪᠠᠳᠠᠨ ᠰᠢᠢᠳᠪᠦᠷᠢᠯᠡᠭᠦᠯᠬᠦ ᠰᠢᠨ᠎ᠡ ᠠᠷᠭ᠎ᠠ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ ᠰᠣᠨᠣᠰᠬᠤ᠂ ᠲᠥᠪᠯᠡᠷᠡᠭᠦᠯᠦᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠨᠤᠷᠮ᠎ᠠ ᠶᠢ ᠬᠦᠴᠦᠯᠡᠨ ᠴᠢᠩᠭᠠᠳᠬᠠᠵᠤ᠂ ᠰᠠᠨᠠᠭᠤᠯᠭ᠎ᠠ ᠶᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠪᠡ᠃ 6 ᠰᠠᠷ᠎ᠠ ᠶᠢᠨ 28 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠢ ᠱᠦ ᠵᠢᠶᠧ᠂ ᠹᠠᠨ ᠷᠦᠢ ᠫᠢᠩ ᠤᠨ ᠳᠠᠭᠠᠭᠤᠯᠤᠭᠰᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠪᠠ ᠬᠠᠷᠢᠶᠠᠲᠤ ᠤᠨ ᠠᠵᠢᠯ ᠤᠨ ᠵᠥᠪᠯᠡᠯ᠂ ᠰᠣᠩᠭᠤᠭᠤᠯᠢ ᠶᠢᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠢᠶᠠᠷ ᠪᠦᠷᠢᠯᠳᠦᠭᠰᠡᠨ ᠰᠢᠪᠠᠳᠠᠨ ᠵᠢᠯᠤᠭᠤᠳᠬᠤ ᠳᠤᠭᠤᠶᠢᠯᠠᠩ ᠨᠢ ᠭᠦᠴᠧᠩ ᠪᠠᠯᠭᠠᠰᠤᠨ ᠳᠤ ᠬᠦᠷᠴᠦ᠂ ᠲᠥᠯᠥᠭᠡᠯᠡᠭᠴᠢᠳ ᠤᠨ ᠳᠤᠷᠠᠳᠤᠭᠰᠠᠨ 11 ᠵᠤᠷᠪᠤᠰ ᠰᠠᠨᠠᠭᠤᠯᠭ᠎ᠠ ᠪᠠᠷ ᠲᠤᠬᠠᠢ ᠶᠢᠨ ᠲᠠᠯᠠᠪᠤᠷ ᠲᠤ ᠰᠢᠪᠠᠳᠠᠨ ᠰᠢᠢᠳᠪᠦᠷᠢᠯᠡᠭᠦᠯᠪᠡ᠃     ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ  ᠳᠠᠭᠠᠭᠠᠴᠢᠯᠠᠨ  ᠬᠤᠪᠤᠭᠠᠯᠠᠭᠰᠠᠨ ᠬᠢᠨᠠᠨ ᠵᠢᠯᠤᠭᠤᠳᠬᠤ ᠳᠤᠭᠤᠶᠢᠯᠠᠩ  ᠤᠷᠢᠳ ᠬᠤᠵᠢᠳ  ᠡᠮᠦᠨ᠎ᠡ ᠲᠠᠶᠢᠵᠢ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠴᠢᠶᠣᠤ ᠹᠦ᠋ ᠶᠢᠩ ᠲᠣᠰᠬᠤᠨ ᠤ ᠱᠦᠢ ᠴᠢᠤᠸᠠᠨ ᠴᠠᠬᠢᠯᠭᠠᠨ ᠬᠤᠪᠢᠰᠬᠠᠬᠤ ᠦᠷᠳᠡᠭᠡ᠂ ᠪᠦᠦ ᠬᠤᠤ ᠶᠢᠩ ᠲᠣᠰᠬᠤᠨ ᠤ ᠤᠰᠤᠨ ᠰᠤᠪᠠᠭ ᠤᠨ ᠢᠨᠵᠧᠨᠧᠷᠢᠩ᠂ ᠾᠧᠩ ᠹᠦ᠋ ᠮᠠᠯ ᠠᠵᠤ ᠠᠬᠤᠢ ᠶᠢᠨ ᠰᠠᠭᠠᠯᠢ ᠶᠢᠨ ᠦᠨᠢᠶ᠎ᠡ ᠶᠢᠨ ᠦᠢᠯᠡᠳᠪᠦᠷᠢ ᠳᠤ ᠭᠦᠨᠵᠡᠭᠡᠶᠢᠷᠡᠨ ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠵᠦ᠂ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠶᠢ ᠭᠦᠢᠴᠡᠳᠬᠡᠭᠰᠡᠨ ᠠᠬᠢᠴᠠ᠂ ᠰᠢᠢᠳᠪᠦᠷᠢᠯᠡᠭᠰᠡᠨ ᠦᠷ᠎ᠡ ᠳ᠋ᠦᠩ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠳᠠᠭᠠᠭᠠᠨ ᠡᠷᠬᠢᠯᠡᠬᠦ ᠨᠢᠭᠡᠴᠡ ᠲᠠᠢ ᠰᠠᠨᠠᠯ ᠢᠶᠠᠨ ᠰᠣᠯᠢᠯᠴᠠᠵᠠᠢ᠃ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠴᠠᠬᠢᠯᠭᠠᠨ ᠬᠠᠩᠭᠠᠬᠤ ᠺᠣᠮᠫᠠᠨᠢ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠲᠤ ᠬᠤᠯᠪᠣᠭᠳᠠᠯ ᠪᠦᠬᠦᠢ ᠠᠰᠠᠭᠤᠳᠠᠯ ᠢ ᠬᠠᠷᠢᠭᠤᠯᠵᠠᠢ᠃ ᠰᠢᠪᠠᠳᠠᠨ ᠵᠢᠯᠤᠭᠤᠳᠬᠤ ᠳᠤᠭᠤᠶᠢᠯᠠᠩ ᠤᠨ ᠬᠢᠨ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠪᠠ ᠬᠠᠷᠢᠭᠤ ᠲᠤᠰᠬᠠᠬᠤ ᠠᠵᠢᠯ ᠢ ᠰᠠᠶᠢᠲᠤᠷ ᠠᠳᠬᠤᠬᠤ ᠲᠤᠬᠠᠢ᠂ ᠲᠤᠬᠠᠢ ᠶᠢᠨ ᠲᠠᠯᠠᠪᠤᠷ ᠤᠨ ᠶᠠᠷᠢᠯᠴᠠᠬᠤ ᠬᠤᠷᠠᠯ ᠬᠢᠭᠰᠡᠨ ᠪᠥᠭᠡᠳ ᠲᠠᠷᠠᠭᠠᠴᠢ ᠶᠢᠨ ᠠᠯᠬᠤᠮ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ᠲᠤᠬᠠᠢ ᠱᠠᠭᠠᠷᠳᠠᠯᠭ᠎ᠠ ᠳᠤᠷᠠᠳᠴᠠᠢ᠃    ᠰᠢᠪᠠᠳᠠᠨ ᠵᠢᠯᠤᠭᠤᠳᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠲᠥᠯᠥᠭᠡᠯᠡᠭᠴᠢᠳ ᠤᠨ ᠳᠤᠷᠠᠳᠤᠭᠰᠠᠨ  ᠰᠠᠨᠠᠭᠤᠯᠭ᠎ᠠ ᠪᠣᠯ ᠬᠠᠤᠯᠢ ᠴᠠᠭᠠᠵᠠ ᠠᠴᠠ ᠲᠥᠯᠥᠭᠡᠯᠡᠭᠴᠢᠳ ᠲᠤ ᠣᠯᠭᠤᠭᠰᠠᠨ ᠴᠢᠬᠤᠯᠠ ᠡᠷᠬᠡ ᠮᠥᠨ᠂ ᠬᠠᠤᠯᠢ ᠶᠣᠰᠣᠭᠠᠷ ᠲᠥᠯᠥᠭᠡᠯᠡᠭᠴᠢ ᠶᠢᠨ ᠡᠷᠬᠡ ᠲᠤᠰᠢᠶᠠᠯ ᠢᠶᠠᠨ ᠬᠡᠷᠡᠭᠵᠢᠭᠦᠯᠬᠦ᠂ ᠲᠥᠯᠥᠭᠡᠯᠡᠭᠴᠢ ᠶᠢᠨ ᠡᠭᠦᠷᠭᠡ ᠪᠠᠨ ᠭᠦᠢᠴᠡᠳᠬᠡᠬᠦ᠂ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠬᠤ ᠴᠢᠬᠤᠯᠠ ᠠᠷᠭ᠎ᠠ ᠵᠠᠮ ᠮᠥᠨ᠃ ︽ᠶᠠᠭᠤᠮ᠎ᠠ ᠪᠦᠬᠦᠨ ᠳᠤ ᠬᠠᠷᠢᠭᠤᠯᠲᠠ ᠥᠭᠬᠦ︾ ᠱᠠᠭᠠᠷᠳᠠᠯᠭ᠎ᠠ ᠶᠣᠰᠣᠭᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠶᠢ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠪᠣᠯᠭᠠᠨ ᠠᠳᠬᠤᠵᠤ᠂ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠬᠠᠷᠢᠭᠤᠯᠲᠠ ᠥᠭᠬᠦ ᠬᠡᠯᠪᠡᠷᠢ ᠠᠴᠠ ᠨᠠᠶᠢᠳᠠᠪᠤᠷᠢᠵᠢᠭᠤᠯᠬᠤ ᠬᠡᠯᠪᠡᠷᠢ ᠲᠡᠶᠢᠰᠢ ᠠᠯᠬᠤᠮ ᠠᠯᠬᠤᠮ ᠢᠶᠠᠷ ᠬᠤᠪᠢᠷᠠᠭᠤᠯᠬᠤ ᠶᠢ ᠲᠦᠯᠬᠢᠨ ᠠᠬᠢᠭᠤᠯᠪᠠ᠃    ᠰᠢᠪᠠᠳᠠᠨ ᠵᠢᠯᠤᠭᠤᠳᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠲᠥᠯᠥᠭᠡᠯᠡᠭᠴᠢᠳ ᠤᠨ ᠦᠨᠡᠨ ᠪᠣᠳᠠᠲᠠᠢ ᠪᠣᠳᠣᠯ ᠰᠠᠨᠠᠭ᠎ᠠ ᠪᠠ ᠪᠣᠳᠠᠲᠠᠢ ᠱᠠᠭᠠᠷᠳᠠᠯᠭ᠎ᠠ ᠶᠢ ᠣᠶᠢᠯᠠᠭᠠᠨ᠂ ᠬᠡᠷᠡᠭ ᠶᠠᠪᠤᠳᠠᠯ ᠤᠨ ᠳᠤᠮᠳᠠᠬᠢ ᠬᠢᠨᠠᠯᠲᠠ ᠪᠠ ᠬᠡᠷᠡᠭ ᠶᠠᠪᠤᠳᠠᠯ ᠤᠨ ᠳᠠᠷᠠᠭᠠᠬᠢ ᠬᠢᠨᠠᠯᠲᠠ ᠶᠢ ᠬᠠᠷᠢᠯᠴᠠᠨ ᠤᠶᠠᠯᠳᠤᠭᠤᠯᠵᠤ᠂ ᠬᠢᠨᠠᠯᠲᠠ ᠲᠠᠯᠪᠢᠵᠤ ᠰᠢᠢᠳᠪᠦᠷᠢᠯᠡᠬᠦ ᠶᠠᠪᠤᠴᠠ ᠪᠠ ᠰᠢᠢᠳᠪᠦᠷᠢᠯᠡᠭᠰᠡᠨ ᠦᠷ᠎ᠡ ᠳ᠋ᠦᠩ ᠢ ᠬᠠᠷᠢᠯᠴᠠᠨ ᠤᠶᠠᠯᠳᠤᠭᠤᠯᠬᠤ ᠬᠡᠷᠡᠭᠲᠡᠢ᠃ ᠰᠢᠢᠳᠪᠦᠷᠢᠯᠡᠵᠦ ᠳᠠᠭᠤᠰᠤᠭᠰᠠᠨ ᠤ ᠲᠠᠷᠠᠭ᠎ᠠ᠂ ᠲᠥᠯᠥᠭᠡᠯᠡᠭᠴᠢᠳ ᠤᠨ ᠰᠠᠨᠠᠯ ᠪᠠ ᠰᠠᠨᠠᠭᠤᠯᠭ᠎ᠠ ᠶᠢ ᠬᠤᠷᠢᠶᠠᠵᠤ᠂ ᠰᠢᠢᠳᠪᠦᠷᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢᠲᠦ ᠴᠢᠨᠠᠷ ᠪᠠ ᠬᠠᠨᠤᠮᠵᠢ ᠶᠢᠨ ᠨᠤᠷᠮ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠰᠢᠶᠠᠨ ᠵᠢᠴᠢ ᠬᠤᠯᠪᠣᠭᠳᠠᠯ ᠪᠦᠬᠦᠢ ᠨᠢᠭᠡᠴᠡ ᠨᠦᠭᠦᠳ ᠲᠤᠰ ᠬᠤᠪᠢ ᠲᠥᠯᠥᠭᠡᠯᠡᠭᠴᠢ ᠶᠢᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠠᠷᠠᠭᠠᠴᠢ ᠶᠢᠨ ᠠᠵᠢᠯ ᠢ ᠮᠥᠷᠳᠡᠨ ᠭᠦᠢᠴᠡᠳᠬᠡᠵᠦ᠂ ᠢᠳᠡᠪᠬᠢᠲᠡᠢ ᠪᠠᠷ ᠨᠡᠪᠲᠡᠷᠡᠯᠴᠡᠨ ᠵᠣᠬᠢᠴᠠᠭᠤᠯᠵᠤ᠂  ᠠᠵᠢᠯ ᠵᠦᠢᠯᠡᠰ ᠢ ᠤᠷᠤᠭᠰᠢᠲᠠᠢ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠡᠷᠲᠡᠬᠡᠨ ᠠᠬᠢᠭᠤᠯᠬᠤ ᠪᠠᠷ ᠴᠢᠷᠮᠠᠶᠢᠬᠤ ᠬᠡᠷᠡᠭᠲᠡᠢ᠃ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠲᠣᠭᠲᠠᠭᠠᠯ ᠪᠠ ᠱᠠᠭᠠᠷᠳᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠵᠢᠷᠤᠮᠯᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠢᠢᠳᠪᠦᠷᠢᠯᠡᠬᠦ ᠠᠵᠢᠯ ᠤᠨ ᠴᠠᠭ ᠪᠠ ᠡᠭᠦᠷᠭᠡ ᠶᠢ ᠴᠢᠩᠭ᠎ᠠ ᠡᠵᠡᠮᠳᠡᠵᠦ᠂ ᠬᠠᠤᠯᠢ ᠶᠣᠰᠣᠭᠠᠷ ᠰᠢᠢᠳᠪᠦᠷᠢᠯᠡᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠯᠦᠭᠡ ᠶᠢᠨ ᠬᠠᠷᠢᠯᠴᠠᠭ᠎ᠠ ᠪᠠᠨ ᠥᠷᠭᠡᠳᠬᠡᠵᠦ᠂ ︽ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ᠂ ᠠᠷᠠᠳᠴᠢᠯᠠᠯ ᠢ ᠭᠦᠢᠴᠡᠳ ᠪᠠᠳᠠᠷᠠᠭᠤᠯᠬᠤ︾ ᠵᠠᠷᠴᠢᠮ ᠢ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ᠪᠦᠬᠦ ᠶᠠᠪᠤᠴᠠ ᠳᠤ ᠦᠨᠡᠨ ᠬᠦ ᠲᠤᠤᠱᠯᠠᠭᠤᠯᠬᠤ ᠬᠡᠷᠡᠭᠲᠡᠢ ᠭᠡᠬᠦ ᠮᠡᠳᠦ ᠤᠯᠠᠨ ᠲᠠᠯ᠎ᠠ ᠠᠴᠠ ᠱᠠᠭᠠᠷᠳᠠᠪᠠ᠃ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠪᠠᠳᠠᠨ ᠰᠢᠢᠳᠪᠦᠷᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠪᠠ ᠨᠠᠶᠢᠳᠠᠪᠤᠷᠢᠵᠢᠭᠤᠯᠬᠤ ᠶᠢ ᠠᠬᠢᠭᠤᠯᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1