ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠸᠠᠨ ᠰᠢᠩ ᠠᠭᠤᠳᠠᠮ ᠲᠠᠯᠠᠪᠠᠶ ᠶᠢᠨ ᠡᠷᠬᠢᠨ ᠲᠣᠭᠤᠷᠢᠨ ᠤ ᠬᠤᠳᠠᠯᠳᠤᠭᠠᠴᠢᠨ ᠡᠷᠦᠬᠡ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠢ ᠵᠦᠢᠯ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/4
        ᠰᠢᠶᠠᠨ ᠤ ᠨᠠᠮ ᠤᠨ ᠬᠤᠷᠢᠶ᠎ᠠ᠂  ᠵᠠᠰᠠᠭ ᠤᠨ ᠣᠷᠳᠣᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠰᠢᠪᠠᠳᠠᠨ ᠪᠠᠶᠢᠴᠠᠭᠠᠭᠠᠳ ᠢᠯᠡᠷᠡᠭᠦᠯᠦᠭᠰᠡᠨ ᠸᠠᠨ ᠰᠢᠩ ᠲᠠᠯᠠᠪᠠᠶ ᠶᠢᠨ ᠡᠷᠬᠢᠨ ᠲᠣᠭᠤᠷᠢᠨ ᠤ ᠬᠤᠳᠠᠯᠳᠤᠭᠠᠴᠢᠨ ᠡᠷᠦᠬᠡ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠠ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠪᠤᠵᠠᠷ ᠰᠠᠮᠠᠭᠤᠨ ᠪᠠᠷᠤᠭᠲᠠᠢ ᠪᠠᠶᠢᠳᠠᠯ ᠳᠤ ᠴᠢᠭᠯᠡᠭᠦᠯᠦᠨ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠥᠷᠨᠢᠭᠦᠯᠪᠡ᠃      ᠲᠤᠰ ᠲᠣᠪᠴᠢᠶ᠎ᠠ ᠠᠴᠠ ᠢᠳᠡᠭᠡᠨ ᠤ ᠵᠦᠢᠯ ᠡᠮ ᠤᠨ ᠵᠦᠢᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠬᠢᠷᠢ ᠬᠡᠮ ᠤᠨ ᠬᠠᠤᠯᠢ ᠶᠣᠰᠣᠨ ᠤ ᠬᠦᠴᠦᠨ ᠪᠦᠬᠦᠢ ᠴᠢᠨᠠᠷ ᠢ ᠪᠠᠶᠢᠴᠠᠭᠠᠨ ᠲᠣᠳᠣᠷᠬᠠᠶᠢᠯᠠᠵᠤ᠂ ᠢᠳᠡᠭᠡᠨ ᠤ ᠵᠦᠢᠯ ᠡᠮ ᠤᠨ ᠵᠦᠢᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠦᠨᠳᠦᠰᠦᠨ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠵᠤ᠂ ᠢᠳᠡᠭᠡᠨ ᠤ ᠵᠦᠢᠯ ᠡᠮ ᠤᠨ ᠵᠦᠢᠯ ᠤᠨ ᠡᠵᠡᠩᠨᠡᠭᠴᠢ ᠶᠢ ᠰᠢᠪᠠᠳᠠᠨ ᠵᠢᠯᠤᠭᠤᠳᠴᠤ ᠪᠠᠶᠢᠭᠠᠳ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠠᠵᠢᠯᠯᠠᠭ᠎ᠠ  ᠶᠢ ᠵᠢᠷᠤᠮᠵᠢᠭᠤᠯᠤᠨ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ ᠵᠡᠷᠭᠡ ᠥᠪᠡᠷ  ᠢ ᠪᠠᠨ ᠱᠠᠭᠠᠷᠳᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠭᠰᠠᠨ ᠪᠠᠶᠢᠨ᠎ᠠ᠃ ᠣᠨᠴᠠ ᠵᠠᠷᠢᠮ ᠬᠤᠳᠠᠯᠳᠤᠭᠠᠨ ᠤ ᠡᠷᠦᠬᠡ ᠳᠤ ᠣᠷᠣᠰᠢᠵᠤ ᠪᠠᠶᠢᠭ᠎ᠠ ᠲᠠᠸᠠᠷ ᠤᠨ ᠳᠡᠯᠭᠡᠯᠲᠡ ᠡᠮᠬᠢ ᠵᠢᠷᠤᠮ ᠦᠭᠡᠢ᠂ ᠣᠷᠴᠢᠨ ᠲᠣᠭᠤᠷᠢᠨ ᠤ ᠠᠷᠢᠭᠤᠨ ᠴᠡᠪᠡᠷ ᠢᠶᠠᠷ ᠠᠨᠠᠢ᠂ ᠡᠭᠦᠳᠡᠨ ᠡᠮᠦᠨᠡᠬᠢ ᠲᠡᠷᠭᠡ ᠬᠥᠰᠬᠡ  ᠶᠢ ᠳᠤᠷ᠎ᠠ  ᠪᠠᠷ ᠢᠶᠠᠨ ᠲᠠᠯᠪᠢᠵᠤ᠂ ᠵᠢᠵᠢᠭ ᠵᠠᠷ ᠮᠡᠳᠡᠭᠡ  ᠶᠢ ᠳᠤᠷ᠎ᠠ  ᠪᠠᠷ ᠢᠶᠠᠨ ᠨᠠᠭᠠᠵᠤ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠬᠤᠳᠠᠯᠳᠤᠭᠠᠨ ᠤ ᠡᠷᠦᠬᠡ ᠶᠢᠨ ᠲᠤᠬᠠᠢ ᠶᠢᠨ ᠭᠠᠵᠠᠷ ᠲᠤᠨᠢ ᠴᠡᠭᠴᠡᠯᠡᠨ ᠰᠠᠶᠢᠵᠢᠷᠠᠭᠤᠯᠬᠤ  ᠶᠢ ᠱᠠᠭᠠᠷᠳᠠᠵᠤ᠂ ᠤᠷᠲᠤ ᠬᠤᠭᠤᠴᠠᠭ᠎ᠠ  ᠪᠠᠷ ᠪᠠᠷᠢᠮᠲᠠᠯᠠᠬᠤ ᠬᠡᠷᠡᠭᠲᠡᠢ  ᠭᠡᠪᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠮᠥᠷᠳᠡᠨ ᠬᠠᠮᠢᠶᠠᠷᠬᠤ ᠶᠢ ᠪᠠᠷᠢᠮᠲᠠᠯᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ︽ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠪᠠᠭᠤᠯᠭᠠᠵᠤ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢᠶᠠᠨ ᠴᠠᠭ ᠲᠤᠬᠠᠢ ᠳᠤᠨᠢ ᠮᠡᠳᠡᠭᠳᠡᠵᠦ᠂ ᠡᠭᠦᠳᠦᠨ ᠪᠠᠶᠢᠭᠤᠯᠬᠤ ᠠᠵᠢᠯ ᠳᠤ ᠠᠰᠢᠭ ᠦᠭᠡᠢ ᠠᠬᠢᠭᠤᠯᠬᠤ ᠬᠦᠴᠦᠨ ᠵᠦᠢᠯ ᠢ ᠠᠷᠢᠯᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃     ᠲᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠠᠴᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠡᠭᠦᠳᠦᠨ ᠪᠠᠶᠢᠭᠤᠯᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ  ᠲᠤᠳᠠᠭᠳᠠᠯ ᠢᠶᠠᠨ ᠠᠯᠢ ᠲᠦᠷᠭᠡᠨ ᠢᠶᠠᠷ ᠨᠥᠬᠦᠪᠦᠷᠢᠯᠡᠵᠦ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠡᠵᠡᠩᠨᠡᠯᠲᠡ ᠶᠢᠨ ᠡᠮᠬᠢ ᠳᠢᠭᠯᠢᠮ ᠢ ᠦᠨᠡᠨ ᠬᠦ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1