ᠬᠠᠳᠤᠨᠭᠤᠣᠯ ᠤᠨ ᠲᠣᠬᠤᠢ ᠳᠤ᠂ ᠨᠡᠯᠡᠭᠡᠷ ᠨᠤᠭᠤᠭᠠᠨ ᠲᠠᠯ᠎ᠠ ᠳᠤ᠂ ᠰᠢᠷ᠎ᠠ ᠬᠦᠷᠦᠰᠦᠳᠦ | ᠦᠨᠳᠦᠷᠯᠢᠭ ᠤᠨ ᠬᠠᠪᠢ ᠳᠤ ᠪᠤᠷᠤ ᠦᠵᠦᠮ ᠤᠨ ᠲᠠᠷᠢᠶ᠎ᠠ ᠨᠡᠯᠦᠶᠢᠵᠦ ᠪᠠᠶᠢᠨ᠎ᠠ ᠁ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠣᠭᠲᠠᠬᠤ ᠰᠢᠶᠠᠨ ᠤ ᠬᠤᠤ ᠵᠢᠶᠠ ᠶᠣᠣ ᠲᠣᠰᠬᠤᠨ ᠤ ᠬᠠᠳᠤᠨ ᠭᠤᠣᠯ ᠤᠨ | ᠦᠵᠡᠮᠵᠢ ᠶᠢ ᠰᠣᠨᠢᠷᠬᠠᠬᠤ ᠲᠠᠪᠴᠠᠩ ᠠᠴᠠ ᠠᠯᠤᠰ ᠢ ᠪᠠᠷᠠᠯᠠᠬᠤᠶ᠎ᠠ᠂ ᠬᠥᠳᠡᠭᠡ ᠨᠤᠲᠤᠭ ᠤᠨ ᠥᠩᠭᠡ ᠦᠵᠡᠮᠵᠢ | ᠪᠦᠬᠦᠨ ᠢᠶᠠᠷ ᠢᠶᠠᠨ ᠬᠠᠷᠠᠭᠳᠠᠨ᠎ᠠ᠃ ᠤᠯᠠᠨ ᠵᠢᠯ ᠤᠨ ᠲᠤᠷᠰᠢ᠂ ᠲᠤᠰ ᠲᠣᠰᠬᠤᠨ ᠤ ᠬᠢᠨ ᠲᠤᠬᠠᠢ ᠶᠢᠨ ᠭᠠᠵᠠᠷ ᠤᠨ | ᠣᠨᠴᠠ ᠭᠠᠷᠤᠯᠲᠠ ︽ᠲᠣᠭᠲᠠᠬᠤ ᠰᠢᠶᠠᠨ ᠤ ᠤᠯᠠᠭᠠᠨ ᠦᠵᠦᠮ︾︾ ᠳᠠᠭᠠᠨ ᠲᠦᠰᠢᠭᠯᠡᠵᠦ᠂ ︽ᠨᠠᠮ ᠤᠨ | ᠪᠠᠶᠢᠭᠤᠯᠤᠯᠲᠠ +︾ ᠶᠢᠨ ᠵᠠᠭᠪᠤᠷ ᠢ ᠰᠢᠨᠡᠴᠢᠯᠡᠵᠦ᠂ ᠲᠠᠷᠢᠶᠠᠴᠢᠨ ᠠᠶᠢᠯ ᠤᠨ ᠵᠤᠭᠠᠴᠠᠯ ᠤᠨ ᠦᠢᠯᠡᠰ ᠢ ᠡᠷᠬᠢᠯᠡᠵᠦ᠂ | ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠢ ᠶᠡᠬᠡᠪᠡᠷ ᠬᠥᠭᠵᠢᠭᠦᠯᠦᠭᠰᠡᠨ ᠠᠴᠠ ᠲᠣᠰᠬᠤᠨ ᠤ ᠠᠷᠠᠳ ᠵᠣᠭᠤᠰ | ᠮᠦᠩᠭᠦ ᠲᠠᠢ ᠪᠤᠯᠵᠤ᠂ ᠰᠡᠳᠬᠢᠯ ᠲᠡᠨᠢᠭᠦᠨ᠂ ᠠᠮᠢᠳᠤᠷᠠᠯ ᠨᠢ ᠵᠤᠯ ᠵᠢᠷᠭᠠᠯ ᠲᠠᠢ ᠪᠣᠯᠵᠠᠢ᠃ | ᠬᠤᠤ ᠵᠢᠶᠠ ᠶᠣᠣ ᠲᠣᠰᠬᠤᠨ ᠳᠤ ᠦᠵᠦᠮ ᠲᠠᠷᠢᠭᠠᠳ ᠨᠢᠭᠡᠨᠲᠡ 200 ᠭᠠᠷᠤᠢ ᠵᠢᠯ ᠤᠨ ᠲᠡᠦᠬᠡ ᠲᠠᠢ | ᠪᠣᠯᠵᠤ᠂ ᠠᠶᠢᠯ ᠪᠣᠯᠭᠠᠨ ᠦᠵᠦᠮ ᠲᠠᠷᠢᠵᠦ ᠴᠢᠳᠠᠵᠠᠢ᠃ ᠠᠳᠡᠬᠢ ᠦᠵᠦᠮ ᠤᠨ ᠬᠠᠯᠢᠰᠤ ᠨᠢ ᠨᠢᠮᠭᠡᠨ᠂ ᠮᠢᠬ᠎ᠠ ᠨᠢ | ᠵᠤᠵᠠᠭᠠᠨ᠂ ᠠᠮᠲᠠ ᠨᠢ ᠰᠢᠬᠢᠷᠯᠢᠭ ᠪᠣᠯᠬᠤᠷ ᠲᠤᠬᠠᠢ ᠶᠢᠨ ᠭᠠᠵᠠᠷ ᠤᠨ ᠬᠥᠮᠥᠰ ᠲᠡᠭᠦᠨ ᠢ ︽ᠲᠣᠭᠲᠠᠬᠤ ᠰᠢᠶᠠᠨ ᠤ | ᠤᠯᠠᠭᠠᠨ ᠦᠵᠦᠮ︾ ᠭᠡᠳᠡᠭ᠃ ᠥᠩᠭᠡᠷᠡᠭᠰᠡᠨ ᠳᠤ ᠠᠭᠤᠷ ᠠᠮᠢᠰᠬᠤᠯ ᠲᠡᠭᠰᠢ ᠦᠭᠡᠢ᠂ ᠵᠠᠮ ᠬᠠᠷᠢᠯᠴᠠᠭ᠎ᠠ ᠲᠦᠭᠦᠮ | ᠦᠭᠡᠢ᠂ ᠤᠷᠴᠢᠨ ᠠᠬᠤᠢ ᠠᠨᠠᠢ ᠵᠡᠷᠭᠡ ᠰᠢᠯᠲᠠᠭᠠᠨ ᠠᠴᠠ ᠦᠵᠦᠮ ᠦᠷᠭᠦᠯᠵᠢ ᠭᠠᠵᠠᠷ ᠳᠡᠭᠡᠷ᠎ᠡ ᠢᠯᠵᠢᠷᠡᠵᠦ᠂ | ᠤᠷᠤᠯᠭ᠎ᠠ ᠮᠠᠭᠤ᠂᠂ ᠲᠣᠰᠬᠤᠨ ᠤ ᠠᠷᠠᠳ ᠤᠨ ᠠᠮᠢᠳᠤᠷᠠᠯ ᠵᠣᠪᠠᠭᠤᠷᠢ ᠵᠦᠳᠡᠭᠦᠷᠢ ᠲᠠᠢ᠂ ᠲᠣᠰᠬᠤᠨ ᠤ ᠬᠠᠮᠲᠤ ᠶᠢᠨ | ᠠᠵᠤ ᠠᠬᠤᠢ ᠲᠤᠶᠢᠯ ᠤᠨ ᠪᠠᠭᠤᠷᠠᠢ ᠪᠠᠶᠢᠪᠠ᠃ 22 ᠵᠢᠯ ᠤᠨ ᠡᠮᠦᠨ᠎ᠡ᠂ ᠤᠳᠠᠭᠠᠨ ᠵᠢᠯ ᠭᠠᠳᠠᠨ᠎ᠠ ᠬᠥᠯᠥᠰᠦᠨ | ᠠᠵᠢᠯ ᠬᠢᠵᠦ ᠪᠠᠶᠢᠭᠰᠠᠨ ᠬᠤᠤ ᠵᠧᠩ ᠫᠢᠩ ᠨᠤᠲᠤᠭ ᠲᠠᠭᠠᠨ ᠪᠤᠴᠠᠵᠤ᠂ ᠬᠤᠤ ᠵᠢᠶᠠ ᠶᠣᠣ ᠲᠣᠰᠬᠤᠨ ᠤ ᠨᠠᠮ ᠤᠨ | ᠡᠭᠦᠷ ᠤᠨ ᠱᠦᠵᠢ ᠪᠠᠷ ᠰᠣᠩᠭᠤᠭᠳᠠᠪᠠ᠃ ᠲᠡᠷᠡ ᠤᠯᠠᠨ ᠳᠤ ︽ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠵᠢᠯ | ᠦᠢᠯᠡᠰ ᠲᠤ ᠲᠣᠬᠢᠷᠠᠮᠵᠢᠲᠠᠢ᠂ ᠵᠤᠭᠠᠴᠠᠬᠤ ᠳᠤ ᠲᠣᠬᠢᠷᠠᠮᠵᠢᠲᠠᠢ︾ ᠪᠣᠬᠢᠷᠳᠤᠯ ᠦᠭᠡᠢ ᠬᠥᠭᠵᠢᠯᠲᠡ ᠶᠢᠨ ᠵᠠᠮ ᠢ | ᠳᠡᠪᠢᠰᠴᠦ ᠥᠭᠬᠦ ᠪᠠᠷ ᠠᠮᠠᠯᠠᠪᠠ᠃ | ᠣᠶᠢᠷ᠎ᠠ ᠶᠢᠨ ᠵᠢᠯ ᠠᠴᠠ᠂ ᠬᠤᠤ ᠵᠢᠶᠠ ᠶᠣᠣ ᠲᠣᠰᠬᠤᠨ︽ᠠᠵᠤ ᠦᠢᠯᠡᠰ ᠬᠥᠭᠵᠢᠭᠰᠡᠨ᠂ ᠠᠮᠢ ᠠᠬᠤᠢ | ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠠᠮᠢᠳᠤᠷᠠᠯ ᠴᠢᠨᠡᠭᠡᠯᠢᠭ᠂ | ᠵᠠᠰᠠᠯᠲᠠ ᠪᠦᠲᠦᠮᠵᠢᠲᠡᠢ ᠪᠠᠶᠢᠬᠤ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠬᠠᠳᠤᠨ ᠭᠤᠣᠯ ᠤᠨ ᠠᠷᠠᠳ ᠤᠨ | ᠵᠠᠩ ᠵᠠᠩᠰᠢᠯ᠂ ᠵᠠᠩ ᠳᠠᠳᠬᠠᠯ ᠢᠶᠠᠷ ᠭᠤᠣᠯ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠢ ᠬᠥᠭᠵᠢᠭᠦᠯᠵᠡᠢ᠃ ᠨᠠᠮ ᠤᠨ ᠡᠭᠦᠷ ᠤᠨ ᠤᠳᠤᠷᠢᠳᠬᠤ ᠪᠠᠭ ᠤᠨ | ᠪᠦᠷᠢᠯᠳᠦᠭᠦᠨ ᠪᠣᠯᠣᠨ ᠨᠠᠮ ᠤᠨ ᠭᠡᠰᠢᠭᠦᠨ ᠠᠴᠠ ᠠᠵᠤ ᠠᠬᠤᠢ ᠶᠢ ᠲᠠᠶᠢᠴᠢᠯᠠᠨ ᠬᠥᠭᠵᠢᠭᠦᠯᠵᠦ᠂ ᠠᠶᠢᠯ ᠪᠣᠯᠭᠠᠨ | ᠡᠮᠦᠨ᠎ᠡ ᠬᠤᠶᠢᠨ᠎ᠠ ᠪᠠᠨ ᠦᠵᠦᠮ᠂ ᠯᠠᠵᠤᠤ ᠵᠡᠷᠭᠡ ᠠᠵᠤ ᠠᠬᠤᠢ ᠶᠢᠨ ᠲᠠᠷᠢᠮᠠᠯ ᠢ ᠲᠠᠷᠢᠪᠠ᠃ ᠬᠤᠤ ᠵᠢᠶᠠ ᠶᠣᠣ | ᠲᠣᠰᠬᠤᠨ ᠤ 34 ᠨᠠᠮ ᠤᠨ ᠭᠡᠰᠢᠭᠦᠨ ᠤ ᠳᠣᠲᠣᠷ᠎ᠠ᠂ 9 ᠨᠠᠮ ᠤᠨ ᠭᠡᠰᠢᠭᠦᠨ ᠲᠦᠷᠦᠭᠦᠯᠡᠨ ᠲᠠᠷᠢᠶᠠᠴᠢᠨ ᠠᠶᠢᠯ ᠤᠨ | ᠵᠤᠭᠠᠴᠠᠯ ᠢ ᠡᠷᠬᠢᠯᠡᠵᠦ᠂ 12 ᠨᠠᠮ ᠤᠨ ᠭᠡᠰᠢᠭᠦᠨ ᠲᠦᠷᠦᠭᠦᠯᠡᠨ ᠬᠤᠷᠰᠢᠶ᠎ᠠ ᠪᠠᠶᠢᠭᠤᠯᠵᠤ᠂ ᠦᠵᠦᠮ ᠲᠡᠭᠦᠬᠦ | ᠬᠦᠷᠢᠶᠡᠯᠡᠩ ᠢ ᠨᠡᠭᠡᠭᠡᠵᠦ᠂ ᠤᠯᠠᠨ ᠵᠦᠢᠯ ᠦᠨᠰᠢᠨ᠎ᠡ ᠡᠭᠦᠯᠳᠡᠷ ᠤᠨ ᠦᠵᠦᠮ ᠢ ᠲᠠᠷᠢᠵᠦ ᠵᠢᠱᠢᠶ᠎ᠡ ᠦᠵᠡᠭᠦᠯᠪᠡ᠃ | ᠡᠳᠦᠭᠡ᠂ ᠬᠤᠤ ᠵᠢᠶᠠ ᠶᠣᠣ ᠲᠣᠰᠬᠤᠨ ᠤ ᠦᠵᠦᠮ 10 ᠵᠢᠯ ᠤᠨ ᠡᠮᠦᠨ᠎ᠡ ᠵᠢᠩ ᠪᠦᠷᠢ ᠳᠡᠭᠡᠨ 1.5 | ᠲᠥᠭᠦᠷᠢᠭ ᠪᠠᠶᠢᠭᠰᠠᠨ ᠠᠴᠠ ᠪᠠᠨ ᠵᠢᠩ ᠪᠦᠷᠢ ᠳᠡᠭᠡᠨ 10 ᠲᠥᠭᠦᠷᠢᠭ ᠪᠣᠯᠣᠨ ᠨᠡᠮᠡᠭᠳᠡᠵᠦ᠂ ᠦᠵᠦᠮ ᠲᠠᠷᠢᠬᠤ ᠨᠢ | ᠤᠤᠯ ᠤᠨ 1500 ᠮᠦ ᠪᠠᠶᠢᠭᠰᠠᠨ ᠠᠴᠠ ᠪᠠᠨ ᠨᠡᠮᠡᠭᠳᠡᠭᠡᠳ 3000 ᠮᠦ ᠪᠣᠯᠵᠤ᠂ ᠬᠥᠮᠥᠨ ᠤ ᠳᠤᠮᠳᠠᠴᠢ ᠶᠢᠨ | ᠣᠷᠣᠯᠭ᠎ᠠ ᠨᠢ ᠴᠦ ᠤᠤᠯ ᠤᠨ 5839 ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 28600 ᠲᠥᠭᠦᠷᠢᠭ | ᠪᠣᠯᠵᠠᠢ᠃ ᠵᠥᠪᠬᠡᠨ ᠦᠵᠦᠮ ᠲᠡᠭᠦᠪᠡᠯ ᠪᠦᠬᠦ ᠲᠣᠰᠬᠤᠨ ᠤ ᠵᠢᠯ ᠤᠨ ᠣᠷᠣᠯᠭ᠎ᠠ 2000 ᠭᠠᠷᠤᠢ ᠲᠦᠮᠡᠨ | ᠲᠥᠭᠦᠷᠢᠭ ᠲᠤ ᠬᠦᠷᠦᠨ᠎ᠡ᠃ ᠲᠣᠰᠬᠤᠨ ᠤ ᠠᠷᠠᠳ ᠭᠠᠳᠠᠭᠰᠢ ᠭᠠᠷᠴᠤ ᠪᠣᠷᠣᠯᠠᠭᠤᠯᠬᠤ ᠴᠢᠬᠤᠯᠠ ᠦᠭᠡᠢ᠂ | ᠵᠤᠭᠠᠴᠠᠭᠰᠠᠳ ᠤᠨ ᠲᠡᠭᠦᠬᠦ ᠪᠠᠷ ᠳᠠᠮᠵᠢᠨ ᠬᠤᠳᠠᠯᠳᠤᠨ ᠳᠠᠭᠤᠰᠬᠠᠴᠢᠬᠠᠨ᠎ᠠ᠃ ᠲᠣᠰᠬᠤᠨ ᠤ ᠬᠡᠪ ᠰᠤᠷᠲᠠᠯ | ᠲᠣᠰᠬᠤᠨ ᠤ ᠳᠦᠷᠰᠦ ᠪᠠᠶᠢᠳᠠᠯ ᠳᠤ ᠴᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠂ ᠲᠣᠰᠬᠤᠨ ᠤ | ᠠᠷᠠᠳ ᠤᠨ ᠶᠠᠪᠤᠵᠤ ᠰᠠᠭᠤᠬᠤ ᠳᠤ ᠬᠦᠴᠢᠷᠲᠡᠢ᠂ ᠲᠣᠰᠬᠤᠨ ᠤ ᠬᠠᠮᠲᠤ ᠶᠢᠨ ᠠᠵᠤ ᠠᠬᠤᠢ ᠳᠤ ᠣᠷᠣᠯᠭ᠎ᠠ ᠠᠨᠠᠢ | ᠪᠠᠶᠢᠬᠤ ᠪᠠᠶᠢᠳᠠᠯ ᠢ ᠲᠤᠶᠢᠯᠪᠤᠷᠢᠲᠠᠢ ᠬᠤᠪᠢᠷᠠᠭᠤᠯᠵᠠᠢ᠃ ᠦᠵᠦᠮ ᠤᠨ ᠠᠵᠤ ᠦᠢᠯᠡᠰ ᠤᠨ ᠠᠮᠲᠠ ᠶᠢ ᠠᠮᠰᠠᠭᠰᠠᠨ ᠤ | ᠲᠠᠷᠠᠭ᠎ᠠ᠂ ᠲᠣᠰᠬᠤᠨ ᠤ ᠨᠠᠮ ᠤᠨ ᠡᠭᠦᠷ ᠪᠠᠰᠠ ᠪᠡᠯᠡ ᠣᠷᠣᠭᠤᠯᠤᠨ ︽ᠬᠠᠳᠤᠨ ᠭᠤᠣᠯ ᠤᠨ ᠨᠤᠭᠤ ᠭᠠᠵᠠᠷ ᠤᠨ | ᠠᠷᠠᠳ ᠤᠨ ᠵᠠᠩ ᠦᠢᠯᠡ ᠶᠢᠨ ᠣᠷᠳᠣᠨ︾︾ ᠢ ᠪᠠᠶᠢᠭᠤᠯᠵᠤ᠂ ᠲᠣᠰᠬᠤᠨ ᠤ ᠠᠷᠠᠳ ᠤᠨ ᠬᠡᠷᠡᠭᠯᠡᠵᠦ ᠥᠩᠭᠡᠷᠡᠭᠰᠡᠨ | ᠴᠢᠯᠠᠭᠤᠨ ᠲᠡᠭᠡᠷᠮ᠎ᠡ᠂ ᠠᠨᠵᠢᠰᠤ ᠵᠡᠷᠭᠡ ᠶᠢ ᠨᠡᠭᠦᠯᠭᠡᠵᠦ᠂ ᠲᠣᠰᠬᠤᠨ ᠤ ᠠᠷᠠᠳ ᠰᠤᠯᠠ ᠰᠡᠯᠡᠭᠦᠦ ᠴᠠᠭ ᠢᠶᠠᠷ ᠢᠶᠠᠨ | ᠠᠳᠡ ᠵᠣᠪᠠᠭᠤᠷᠢ ᠵᠦᠳᠡᠭᠦᠷᠢ ᠪᠠᠨ ᠡᠷᠭᠢᠴᠡᠭᠦᠯᠵᠦ ᠤᠤᠯ ᠤᠨ ᠠᠮᠲᠠ ᠪᠠᠨ ᠰᠠᠨᠠᠭᠠᠯᠵᠠᠵᠤ᠂ ᠢᠷᠡᠭᠡᠳᠦᠢ ᠪᠠᠨ | ᠪᠠᠷᠠᠯᠠᠵᠤ᠂ ᠵᠤᠭᠠᠴᠠᠭᠰᠠᠳ ᠴᠤ ᠬᠦᠷᠦᠯᠴᠡᠨ ᠢᠷᠡᠵᠦ ᠲᠣᠭᠤᠷᠢᠨ ᠦᠵᠡᠵᠦ ᠪᠣᠯᠣᠨ᠎ᠠ᠃ ᠡᠭᠦᠨ ᠠᠴᠠ ᠭᠠᠳᠠᠨ᠎ᠠ᠂ | ᠲᠣᠰᠬᠤᠨ ᠳᠤ ᠪᠠᠰᠠ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ᠂ ᠰᠣᠶᠣᠯ ᠤᠨ ᠥᠷᠥᠭᠡ᠂ ᠬᠠᠲᠤᠨ | ᠭᠤᠣᠯ ᠤᠨ ᠱᠧᠨ ᠶᠦᠨ ᠲᠠᠯᠠᠪᠠᠶ᠂ ᠪᠦᠷᠢᠨ ᠪᠠᠷᠠᠭᠠᠲᠤ ᠬᠡᠲᠦ ᠳᠡᠯᠭᠡᠭᠦᠷ ᠵᠡᠷᠭᠡ ᠶᠢ ᠪᠠᠶᠢᠭᠤᠯᠪᠠ᠃ | ︽ᠢᠷᠡᠭᠡᠳᠦᠢ ᠳᠤ᠂ ᠪᠢᠳᠡ ᠬᠠᠲᠤᠨ ᠭᠤᠣᠯ ᠤᠨ ᠰᠣᠶᠣᠯ ᠢ ᠦᠷᠭᠦᠯᠵᠢᠯᠡᠨ ᠨᠡᠭᠡᠭᠡᠨ ᠬᠦᠭᠵᠢᠭᠦᠯᠵᠦ᠂ ᠤᠳᠤ | ᠪᠠᠶᠢᠭ᠎ᠠ ᠡᠬᠢ ᠪᠠᠶᠠᠯᠢᠭ ᠢᠶᠠᠨ ᠨᠡᠩ ᠰᠠᠶᠢᠨ ᠠᠮᠢᠯᠠᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢᠶᠠᠨ | ᠪᠦᠳᠦᠭᠡᠨ ᠪᠠᠶᠢᠭᠤᠯᠵᠦ᠂ ᠥᠷᠭᠡᠨ ᠤᠯᠠᠨ ᠵᠤᠭᠠᠴᠠᠭᠰᠠᠳ ᠲᠤ ᠠᠰᠢᠭ ᠬᠦᠷᠲᠡᠭᠡᠨ᠎ᠡ︾᠃ ᠭᠡᠵᠦ ᠬᠤᠤ ᠵᠢᠶᠠ ᠶᠣᠣ | ᠲᠣᠰᠬᠤᠨ ᠤ ᠨᠠᠮ ᠤᠨ ᠡᠭᠦᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠦᠰᠡᠯ ᠵᠤᠷᠢᠭ ᠢᠶᠠᠨ ᠢᠯᠡᠳᠬᠡᠪᠡ᠃ | | | | | |