ᠲᠣᠭᠲᠠᠬᠤ ᠰᠢᠶᠠᠨ ︽ᠳᠥᠷᠪᠡᠨ ᠴᠠᠭ ᠬᠤᠭᠤᠴᠠᠭ᠎ᠠ︾ ᠶᠢ ᠪᠥᠬᠦ ᠲᠠᠯ᠎ᠠ ᠪᠠᠷ ᠡᠵᠡᠮᠳᠡᠵᠦ ᠺᠠᠳᠠᠷᠴᠤᠳ ᠲᠤ ᠬᠢᠨᠠᠯᠲᠠ ᠲᠠᠯᠪᠢᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/7/5
    ᠢᠳᠡᠪᠬᠢᠲᠡᠢ ᠡᠷᠡᠭᠦᠯ ᠰᠠᠷᠠᠭᠤᠯ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠰᠣᠶᠣᠯ ᠢ ᠬᠥᠭᠵᠢᠭᠦᠯᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠶᠢᠨ ᠲᠥᠯᠥᠭᠡ᠂ ᠲᠣᠭᠲᠠᠬᠤ ᠰᠢᠶᠠᠨ ᠤ ᠬᠢᠨ  ᠺᠠᠳᠠᠷᠴᠤᠳ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠤᠳᠤᠷᠢᠳᠬᠤ ᠺᠠᠳᠠᠷᠴᠤᠳ ᠤᠨ ᠠᠵᠢᠯ᠂ ᠭᠡᠷ ᠪᠦᠯᠢ᠂ ᠨᠡᠶᠢᠭᠡᠮ ᠤᠨ ᠬᠠᠷᠢᠯᠴᠠᠭ᠎ᠠ᠂ ᠰᠤᠷᠤᠯᠴᠠᠯᠭ᠎ᠠ ᠵᠡᠷᠭᠡ ᠡᠯ᠎ᠡ ᠲᠠᠯ᠎ᠠ ᠶᠢ ᠴᠢᠩᠭ᠎ᠠ ᠠᠩᠬᠠᠷᠴᠤ᠂ ︽ᠨᠠᠢᠮᠠᠨ ᠴᠠᠭ ᠤᠨ ᠭᠠᠳᠠᠨ᠎ᠠ︾ ᠡᠷᠡᠭᠦᠯ ᠥᠭᠡᠳᠡᠷᠬᠡᠭ ᠂ ︽ᠨᠠᠢᠮᠠᠨ ᠴᠠᠭ ᠤᠨ ᠳᠣᠲᠣᠷ᠎ᠠ︾ ᠬᠠᠯᠠᠭᠤᠨ ᠰᠡᠳᠬᠢᠯ ᠢᠶᠠᠷ ᠠᠵᠢᠯᠯᠠᠳᠠᠭ ᠺᠠᠳᠠᠷᠴᠤᠳ ᠤᠨ ᠡᠩᠨᠡᠭᠡ ᠶᠢ ᠬᠦᠴᠦᠯᠡᠨ ᠪᠠᠶᠢᠭᠤᠯᠪᠠ᠃     ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠵᠤ᠂ ᠰᠤᠷᠤᠯᠴᠠᠬᠤ ᠴᠠᠭ ᠬᠤᠭᠤᠴᠠᠭ᠎ᠠ ᠶᠢ ᠴᠢᠩᠭᠠᠳᠬᠠᠨ᠎ᠠ᠃ ︽ᠲᠥᠷᠥᠯ ᠬᠤᠪᠢᠶᠠᠨ ᠵᠠᠰᠠᠬᠤ᠂ ᠡᠪᠡᠳᠴᠢᠨ ᠳᠤᠨᠢ ᠲᠠᠭᠠᠷᠠᠭᠤᠯᠵᠤ ᠡᠮ ᠥᠭᠬᠦ︾ ᠵᠠᠷᠴᠢᠮ ᠶᠣᠰᠣᠭᠠᠷ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾᠂ ︽ᠤᠮᠠᠷᠠᠲᠤ ᠬᠢᠯᠢ ᠶᠢᠨ ᠬᠤᠰᠢᠭᠤᠴᠢ︾᠂ ︽ᠡᠭᠦᠯᠡᠨ ᠳᠤᠮᠳᠠᠬᠢ ᠬᠤᠰᠢᠭᠤᠴᠢ︾ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠰᠤᠷᠤᠯᠴᠠᠯᠭ᠎ᠠ ᠶᠢᠨ ᠠᠴᠢᠶᠠᠯᠠᠪᠤᠷᠢ ᠶᠢ ᠠᠰᠢᠭᠯᠠᠵᠤ᠂ ︽ᠭᠠᠵᠠᠷ ᠤᠨ ᠳᠡᠰ ᠤᠨ ᠤᠳᠤᠷᠢᠳᠬᠤ ᠺᠠᠳᠠᠷᠴᠤᠳ ᠶᠠᠷᠢᠶᠠᠨ ᠤ ᠲᠠᠪᠴᠠᠩ ᠳᠤ ᠭᠠᠷᠬᠤ︾᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠵᠡᠷᠭᠡ ᠬᠡᠯᠪᠡᠷᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠳᠤ ᠴᠢᠭᠯᠡᠭᠦᠯᠦᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠢᠷᠢᠰ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠵᠡᠷᠭᠡ ᠳᠤ ᠤᠨᠢᠨ ᠳᠡᠭᠡᠷ᠎ᠡ ᠨᠢ ︽ᠬᠠᠷᠠᠯᠲᠠ︾ ᠶᠢᠨ ᠪᠣᠯᠪᠠᠰᠤᠷᠠᠯ ᠢ ᠥᠷᠨᠢᠭᠦᠯᠵᠦ᠂ ᠰᠤᠷᠤᠯᠴᠠᠬᠤ᠂ ᠰᠡᠳᠬᠢᠬᠦ᠂ ᠦᠢᠯᠡᠳᠦᠯᠭᠡᠵᠢᠭᠦᠯᠬᠦ᠂ ᠤᠬᠠᠮᠰᠠᠷᠠᠬᠤ ᠶᠢᠨ ᠳᠤᠮᠳᠠ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠰᠤᠷᠤᠯᠴᠠᠯᠭ᠎ᠠ ᠶᠢ ︽ᠡᠩ ᠤᠨ ᠶᠠᠪᠤᠳᠠᠯ︾ ᠪᠣᠯᠭᠠᠵᠤ᠂ ᠤᠳᠤᠷᠢᠳᠬᠤ ᠺᠠᠳ᠋ᠷᠴᠤᠳ ᠢ ᠮᠡᠳᠡᠯᠭᠡ ᠪᠠᠨ ᠳᠡᠭᠡᠭᠰᠢᠯᠡᠭᠦᠯᠬᠦ ᠵᠠᠮ ᠳᠤ ︽ᠡᠭᠦᠷᠢᠳᠡ ᠡᠩᠨᠡᠭᠡ ᠠᠴᠠ ᠪᠠᠨ ᠬᠤᠴᠣᠷᠤᠭᠤᠯᠬᠤ ᠦᠭᠡᠢ︾ ᠪᠣᠯᠭᠠᠪᠠ᠃      ᠵᠠᠯᠬᠠᠭᠠᠬᠤ ᠪᠠ ᠰᠡᠷᠭᠡᠶᠢᠯᠡᠬᠦ ᠶᠢ ᠵᠡᠷᠭᠡᠪᠡᠷ ᠠᠳᠬᠤᠵᠤ᠂ ᠠᠵᠢᠯ ᠤᠨ ᠴᠠᠭ ᠬᠤᠭᠤᠴᠠᠭ᠎ᠠ ᠶᠢ ᠴᠢᠩᠭ᠎ᠠ ᠠᠳᠬᠤᠪᠠ᠃ ᠺᠠᠳ᠋ᠷᠴᠤᠳ ᠤᠨ ᠪᠠᠶᠢᠩᠭᠤ ᠶᠢᠨ ᠴᠢᠨᠠᠷᠲᠠᠢ ᠰᠠᠨᠠᠭᠤᠯᠬᠤ ᠬᠥᠮᠦᠵᠢᠯ ᠢ ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ ᠰᠠᠨᠠᠭᠤᠯᠬᠤ᠂ ᠵᠠᠬᠢᠳᠠᠯ ᠢᠶᠠᠷ ᠠᠰᠠᠭᠤᠬᠤ᠂ ᠰᠡᠷᠡᠮᠵᠢᠯᠡᠭᠦᠯᠦᠨ ᠴᠡᠭᠡᠷᠯᠡᠭᠦᠯᠬᠦ ᠵᠡᠷᠭᠡ ᠡᠳᠦᠷ ᠲᠤᠳᠤᠮ ᠤᠨ ᠬᠢᠨᠠᠯᠲᠠ ᠲᠠᠯᠪᠢᠬᠤ ᠳᠦᠷᠢᠮ ᠢ ᠨᠠᠶᠢᠳᠠᠪᠤᠷᠢᠵᠢᠭᠤᠯᠤᠨ᠂ ︽ᠤᠳᠤᠷᠢᠳᠬᠤ ᠺᠠᠳ᠋ᠷᠴᠤᠳ ᠤᠨ ᠰᠠᠨᠠᠭᠤᠯᠬᠤ ᠂ ᠵᠠᠬᠢᠳᠠᠯ ᠢᠶᠠᠷ ᠠᠰᠠᠭᠤᠬᠤ᠂ ᠰᠡᠷᠡᠮᠵᠢᠯᠡᠭᠦᠯᠦᠨ ᠴᠡᠭᠡᠷᠯᠡᠭᠦᠯᠬᠦ ᠲᠡᠮᠳᠡᠭᠯᠡᠯ ᠤᠨ ᠲᠠᠩᠰᠠ︾ ᠶᠢ ᠪᠠᠶᠢᠭᠤᠯᠵᠤ᠂ ᠡᠷᠲᠡ ᠠᠴᠠ ᠠᠳᠬᠤᠨ ᠪᠠᠭ᠎ᠠ ᠠᠴᠠ ᠨᠢ ᠠᠳᠬᠤᠵᠤ ᠴᠤᠬᠤᠶᠢᠯᠲᠠ ᠶᠢ ᠨᠢ ᠠᠳᠬᠤᠬᠤ ᠶᠢ ᠪᠠᠷᠢᠮᠲᠠᠯᠠᠨ᠎ᠠ᠃ ᠺᠠᠳ᠋ᠷᠴᠤᠳ ᠲᠤ ᠬᠢᠨᠠᠯᠲᠠ ᠲᠠᠯᠪᠢᠬᠤ ᠬᠠᠮᠲᠤᠷᠠᠭᠰᠠᠨ ᠬᠤᠷᠠᠯ ᠵᠢᠴᠢ ᠮᠡᠳᠡᠭᠡ ᠵᠠᠩᠭᠢ ᠨᠡᠪᠲᠡᠷᠡᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷᠴᠤᠳ ᠤᠨ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ᠂ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠵᠢᠴᠢ ︽ᠬᠠᠷᠢᠭᠤᠴᠠᠯᠭ᠎ᠠ ᠡᠭᠦᠷᠭᠡᠯᠡᠬᠦ ᠦᠭᠡᠢ ᠡᠰᠡ ᠦᠢᠯᠡᠳᠬᠦ︾ ᠵᠡᠷᠭᠡ ᠬᠢᠨᠠᠯᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠴᠤᠭᠯᠠᠭᠤᠯᠵᠤ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠠᠵᠤ ᠠᠬᠤᠢ ᠶᠢᠨ ᠬᠡᠷᠡᠭ ᠶᠠᠪᠤᠳᠠᠯ ᠢ ᠲᠤᠰᠢᠶᠠᠬᠤ ᠪᠠ ᠭᠥᠯᠢᠶᠡᠨ ᠠᠪᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠤᠳᠤᠷᠢᠳᠬᠤ ᠺᠠᠳ᠋ᠷ ᠤᠨ ᠲᠤᠰᠢᠶᠠᠯ ᠤᠨ ᠬᠤᠭᠤᠴᠠᠭ᠎ᠠ ︵ᠲᠤᠰᠢᠶᠠᠯ ᠠᠴᠠ ᠪᠠᠨ ᠰᠠᠯᠬᠤ︶ ᠶᠢᠨ ᠠᠵᠤ ᠠᠬᠤᠢ ᠵᠢᠨ‌‍ᠰᠡᠷᠡᠮᠵᠢᠯᠡᠭᠦᠯᠬᠦ ᠶᠢ ᠴᠢᠬᠤᠯᠠᠴᠢᠯᠠᠵᠤ᠂ ᠠᠮᠢᠳᠤᠷᠠᠯ ᠤᠨ ᠴᠠᠭ ᠬᠤᠭᠤᠴᠠᠭ᠎ᠠ ᠶᠢ ᠠᠩᠬᠠᠷᠬᠤ ᠬᠡᠷᠡᠭᠲᠡᠢ᠃ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠪᠥᠬᠦ ᠰᠢᠶᠠᠨ ᠤ ᠭᠠᠵᠠᠷ ᠤᠨ ᠱᠠᠲᠤᠨ ᠤ ᠤᠳᠤᠷᠢᠳᠬᠤ ᠺᠠᠳ᠋ᠷᠴᠤᠳ ᠤᠨ ᠬᠤᠪᠢ ᠬᠥᠮᠥᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠲᠠᠭᠯᠠᠨ ᠮᠡᠳᠡᠭᠦᠯᠬᠦ ᠠᠵᠢᠯ ᠢ ᠪᠡᠶᠡᠯᠡᠭᠦᠯᠵᠦ᠂ ᠬᠤᠪᠢ ᠬᠥᠮᠥᠨ ᠤ ᠭᠡᠷ ᠪᠦᠯᠢ ᠶᠢᠨ ᠪᠦᠷᠢᠯᠳᠦᠭᠦᠨ ᠤ ᠭᠡᠷ ᠬᠥᠷᠥᠩᠭᠡ᠂ ᠰᠲ᠋ᠣᠺ ᠪᠠ ᠬᠤᠪᠢ ᠶᠢᠨ ᠤᠴᠢᠷ ᠢᠶᠠᠷ ᠤᠯᠤᠰ ︵ᠬᠢᠯᠢ︶ ᠠᠴᠠ ᠭᠠᠷᠬᠤ ᠵᠡᠷᠭᠡ ᠮᠡᠳᠡᠭᠡ ᠵᠠᠩᠭᠢ ᠶᠢ ᠨᠠᠷᠢᠨ ᠪᠦᠷᠬᠦᠭᠦᠯᠦᠨ᠎ᠡ᠃ ᠤᠳᠤᠷᠢᠳᠬᠤ ᠺᠠᠳ᠋ᠷᠴᠤᠳ ᠤᠨ ᠬᠤᠷᠢᠮ ᠪᠡᠯᠪᠡᠰᠦᠷᠡᠯ ᠤᠨ ᠶᠠᠪᠤᠳᠠᠯ ᠤᠨ ᠲᠤᠬᠠᠢ ᠮᠡᠳᠡᠭᠦᠯᠦᠯᠲᠡ ᠬᠢᠬᠦ ᠶᠢ ᠳᠠᠩᠰᠠᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭ᠎ᠠ ᠰᠠᠭ᠎ᠠ ᠭᠡᠮ ᠰᠣᠭᠤᠭ ᠨᠢ ︽ᠬᠦᠴᠢᠷ ᠲᠦᠪᠡᠭᠲᠡᠢ ᠡᠪᠡᠳᠴᠢᠨ︾ ᠪᠣᠯᠬᠤ ᠠᠴᠠ ᠰᠡᠷᠭᠡᠶᠢᠯᠡᠬᠦ ᠬᠡᠷᠡᠭᠲᠡᠢ᠃ ᠤᠯᠤᠰ ᠤᠨ ᠠᠯᠪᠠᠨ ᠲᠤᠰᠢᠶᠠᠯᠲᠠᠨ ᠤ ᠬᠤᠪᠢ ᠶᠢᠨ ᠪᠠ ᠠᠯᠪᠠᠨ ᠤ ᠶᠠᠪᠤᠳᠠᠯ ᠢᠶᠠᠷ ᠤᠯᠤᠰ ᠤᠨ ᠬᠢᠯᠢ ᠠᠴᠠ ᠭᠠᠷᠬᠤ ᠶᠢ ᠬᠢᠨᠠᠨ ᠵᠥᠪᠰᠢᠶᠡᠷᠡᠵᠦ ᠳᠠᠩᠰᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ‌ᠢ ᠴᠢᠩᠳᠠᠯᠠᠵᠤ᠂ ᠬᠢᠨᠠᠨ ᠪᠠᠶᠢᠴᠠᠭᠠᠬᠤ ᠪᠠ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠰᠢᠨ᠎ᠡ ᠪᠠᠷ ᠳᠡᠪᠰᠢᠭᠦᠯᠦᠭᠰᠡᠨ ᠤᠳᠤᠷᠢᠳᠬᠤ ᠺᠠᠳ᠋ᠷ ᠲᠤ ︽ᠲᠣᠭᠲᠠᠬᠤ ᠰᠢᠶᠠᠨ ᠤ ᠰᠠᠯᠠᠭ᠎ᠠ ᠶᠢᠨ ᠲᠠᠰ ᠤᠨ ᠺᠠᠳ᠋ᠷ ᠤᠨ ᠨᠡᠶᠢᠭᠡᠮ ᠤᠨ ᠬᠠᠷᠢᠴᠠᠭ᠎ᠠ ᠶᠢ ᠳᠠᠩᠰᠠᠯᠠᠬᠤ ᠬᠦᠰᠦᠨᠦᠭᠲᠦ︾ ᠲᠠᠭᠯᠠᠬᠤ ᠶᠢ ᠱᠠᠭᠠᠷᠳᠠᠵᠤ᠂ ᠭᠡᠷ ᠪᠦᠯᠢ ᠶᠢᠨ ᠬᠢᠨᠠᠯᠲᠠ ᠶᠢᠨ ᠥᠷᠭᠡᠴᠡ ᠪᠠ ᠨᠠᠷᠢᠯᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃     ᠠᠷᠭ᠎ᠠ ᠵᠠᠮ ᠢᠶᠠᠨ ᠥᠷᠭᠡᠳᠬᠡᠵᠦ᠂ ᠨᠡᠶᠢᠭᠡᠮ ᠤᠨ ᠬᠠᠷᠢᠯᠴᠠᠭᠠᠨ ᠤ ᠴᠠᠭ ᠬᠤᠭᠤᠴᠠᠭ᠎ᠠ ᠶᠢ ᠴᠢᠩᠭ᠎ᠠ ᠬᠢᠵᠠᠭᠠᠷᠯᠠᠨ᠎ᠠ᠃ ︽ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠠᠷᠢᠭᠤᠨ ᠴᠢᠬᠡᠴᠢ ᠪᠠᠷ ᠠᠵᠢᠯ ᠬᠢᠬᠦ︾ ᠦᠵᠡᠯ ᠤᠬᠠᠮᠰᠠᠷ ᠢ ᠪᠠᠲᠤ ᠪᠤᠢ ᠪᠣᠯᠭᠠᠵᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠳᠣᠲᠣᠷ᠎ᠠ ᠠᠴᠠ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠤᠷᠢᠵᠤ᠂ ᠨᠡᠶᠢᠭᠡᠮ ᠲᠣᠭᠤᠷᠢᠭ ᠤᠨ ᠬᠢᠨᠠᠯᠲᠠ ᠲᠠᠯᠪᠢᠬᠤ ᠴᠡᠭ ᠢ ᠪᠠᠶᠢᠭᠤᠯᠵᠤ᠂ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ ᠲᠦᠰᠢᠭᠯᠡᠨ ᠤᠳᠤᠷᠢᠳᠬᠤ ᠺᠠᠳ᠋ᠷᠴᠤᠳ ᠤᠨ ︽ᠨᠠᠢᠮᠠᠨ ᠴᠠᠭ ᠤᠨ ᠭᠠᠳᠠᠨ᠎ᠠ︾ ᠳᠤ ᠬᠢᠨᠠᠯᠲᠠ ᠲᠠᠯᠪᠢᠵᠤ᠂ ᠨᠡᠶᠢᠭᠡᠮ ᠤᠨ ᠡᠯ᠎ᠡ ᠳᠠᠪᠬᠤᠷᠭ᠎ᠠ ᠪᠠ ᠺᠠᠳ᠋ᠷ ᠤᠯᠠᠨ ᠲᠦᠮᠡᠨ ᠤ ᠤᠳᠤᠷᠢᠳᠬᠤ ᠺᠠᠳ᠋ᠷᠴᠤᠳ ᠤᠨ ᠠᠮᠢᠳᠤᠷᠠᠯ ᠤᠨ ᠬᠦᠷᠢᠶ᠎ᠡ᠂ ᠨᠠᠶᠢᠵᠢ ᠶᠢᠨ ᠬᠦᠷᠢᠶ᠎ᠡ ᠵᠡᠷᠭᠡ ᠲᠠᠯ᠎ᠠ ᠶᠢᠨ ᠦᠨᠡᠯᠡᠯᠲᠡ ᠶᠢᠨ ᠮᠡᠳᠡᠭᠡ ᠵᠠᠩᠭᠢ ᠶᠢ ᠰᠣᠨᠣᠰᠤᠨ ᠡᠵᠡᠮᠰᠢᠵᠦ᠂ ᠲᠣᠪᠣᠶᠢᠮ᠎ᠠ ᠠᠰᠠᠭᠤᠳᠠᠯ ᠢ ᠴᠠᠭ ᠲᠤᠬᠠᠢ ᠳᠤᠨᠢ ᠣᠶᠢᠯᠠᠭᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠰᠡᠷᠡᠮᠵᠢᠯᠡᠭᠦᠯᠬᠦ ᠬᠥᠮᠦᠵᠢᠯ ᠢ ᠬᠢᠵᠦ᠂ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠨᠠᠮ ᠵᠠᠰᠠᠭ ᠤᠨ ᠰᠠᠬᠢᠯᠭ᠎ᠠ ᠪᠠᠲᠤ ᠶᠢᠨ ᠳᠦᠷᠢᠮ ᠲᠣᠭᠲᠠᠭᠠᠯ ᠤᠨ ᠮᠡᠳᠡᠯᠭᠡ ᠶᠢᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ ᠬᠢᠨᠠᠯᠲᠠ ᠬᠠᠮᠢᠶᠠᠷᠤᠯᠲᠠ ᠶᠢ ᠤᠳᠤᠷᠢᠳᠬᠤ ᠺᠠᠳ᠋ᠷᠴᠤᠳ ᠤᠨ ᠡᠩ ᠤᠨ ᠦᠶ᠎ᠡ ᠶᠢᠨ ᠬᠢᠨᠠᠨ ᠰᠢᠯᠭᠠᠯᠲᠠ᠂ ᠲᠤᠰᠬᠠᠢ ᠵᠦᠢᠯ ᠤᠨ ᠬᠢᠨᠠᠨ ᠰᠢᠯᠭᠠᠯᠲᠠ ᠲᠠᠢ ᠤᠶᠠᠯᠳᠤᠭᠤᠯᠵᠤ᠂ ᠤᠬᠠᠮᠰᠠᠷ᠂ ᠴᠢᠳᠠᠪᠤᠷᠢ᠂ ᠠᠵᠢᠯᠴᠢ᠂ ᠪᠦᠲᠦᠮᠵᠢ᠂ ᠠᠷᠢᠭᠤᠨ ᠴᠢᠬᠡᠴᠢ ᠵᠡᠷᠭᠡ ᠲᠠᠯ᠎ᠠ ᠪᠠᠷ ᠬᠢᠨᠠᠯᠲᠠ ᠲᠠᠯᠪᠢᠵᠤ᠂ ᠡᠯ᠎ᠡ ᠨᠢᠭᠡᠴᠢ ᠶᠢᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1