ᠰᠢ ᠶᠢᠨ ᠫᠢᠩ ᠬᠤᠪᠸᠢ ᠮᠤᠵᠢ ᠶᠢᠨ ᠦᠬᠠᠨ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠢᠨ ᠰᠤᠳᠠᠰᠤ ᠶᠢ ᠥᠪᠡᠷ ᠤᠨ ᠭᠠᠷ ᠲᠠᠭᠠᠨ ᠪᠠᠲᠤ ᠡᠵᠡᠮᠳᠡᠵᠥ ᠮᠠᠨ ᠤ ᠤᠯᠤᠰ ᠤᠨ ᠬᠥᠭᠵᠢᠯᠲᠡ ᠶᠢᠨ ᠦᠪᠡᠷᠮᠢᠴᠡ ᠴᠢᠨᠠᠷ ᠪᠡᠶ᠎ᠡ ᠪᠠᠨ ᠳᠠᠭᠠᠭᠠᠬᠤ ᠴᠢᠨᠠᠷ ᠠᠮᠤᠷ ᠲᠦᠪᠰᠢᠨ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2022/7/5
     ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 28 ᠤ ᠡᠳᠦᠷ ᠬᠤᠪᠸᠢ ᠮᠤᠵᠢ ᠶᠢᠨ ᠦᠬᠠᠨ ᠬᠤᠳᠠ ᠳᠤ ᠰᠢᠨᠵᠢᠯᠡᠨ ᠪᠠᠶᠢᠴᠠᠭᠠᠬᠤ ᠳᠠᠭᠠᠨ ᠵᠢᠭᠠᠵᠤ ᠭᠠᠷᠭᠠᠬᠰᠠᠨ ᠨᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠣᠯ ᠤᠯᠤᠰ ᠤᠨ ᠬᠦᠴᠦᠷᠬᠡᠭᠵᠢᠯ ᠤᠨ ᠰᠠᠭᠤᠷᠢ᠂ ᠠᠮᠤᠷ ᠲᠦᠪᠰᠢᠨ ᠤ ᠴᠢᠬᠤᠯᠠ ᠵᠦᠢᠯ ᠪᠣᠯᠤᠨ᠎ᠠ᠃ ᠪᠢᠳᠡ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠢᠨ ᠰᠤᠳᠠᠰᠤ ᠶᠢ ᠥᠪᠡᠷ ᠤᠨ ᠭᠠᠷ ᠲᠠᠭᠠᠨ ᠪᠠᠲᠤ ᠡᠵᠡᠮᠳᠡᠵᠥ᠂ ᠰᠢᠨᠵᠢᠯᠡᠬᠦ ᠤᠬᠠᠭᠠᠨ ᠳᠧᠭᠨᠢᠭ ᠮᠡᠷᠭᠡᠵᠢᠯ ᠤᠨ ᠳᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠭᠦ ᠳᠡᠬᠡᠷ᠎ᠡ ᠨᠡᠩ ᠶᠡᠭᠡ ᠠᠬᠢᠴᠠ ᠲᠠᠢ ᠪᠣᠯᠵᠤ᠂ ᠮᠠᠨ ᠤ ᠤᠯᠤᠰ ᠤᠨ ᠬᠥᠭᠵᠢᠯᠲᠡ ᠶᠢᠨ ᠦᠪᠡᠷᠮᠢᠴᠡ ᠴᠢᠨᠠᠷ᠂ ᠪᠡᠶ᠎ᠡ ᠪᠠᠨ ᠳᠠᠭᠠᠭᠠᠬᠤ ᠴᠢᠨᠠᠷ᠂ ᠠᠮᠤᠷ ᠲᠦᠪᠰᠢᠨ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠥ᠂ ᠨᠡᠩ ᠤᠯᠠᠨ ᠰᠢᠨ᠎ᠡ ᠮᠡᠷᠭᠡᠵᠢᠯ ᠰᠢᠨ᠎ᠡ ᠠᠵᠤ ᠦᠢᠯᠡᠰ ᠢ ᠪᠤᠢ ᠪᠣᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠤᠯᠠᠨ ᠤᠯᠤᠰ ᠤᠨ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠤᠢ ᠪᠣᠯᠭᠠᠬᠤ ᠬᠡᠷᠡᠭᠲᠡᠢ ᠬᠡᠵᠥ ᠴᠢᠬᠤᠯᠠᠴᠢᠯᠠᠪᠠ᠃      28 ᠤ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠬᠤᠪᠸᠢ ᠮᠤᠵᠢ ᠶᠢᠨ ᠨᠠᠮ ᠤᠨ ᠬᠤᠷᠢᠶᠠᠨ ᠤ ᠱᠦᠵᠢ ᠸᠠᠩ ᠮᠧᠩ ᠬᠤᠢ᠂ ᠮᠤᠵᠢ ᠶᠢᠨ ᠳᠠᠷᠤᠭ᠎ᠠ ᠸᠠᠩ ᠵᠦᠩ ᠯᠢᠨ ᠤ ᠪᠠᠷ᠎ᠠ ᠪᠤᠯᠤᠯᠭ᠎ᠠ ᠲᠠᠢ ᠪᠠᠷ ᠦᠬᠠᠨ ᠤ ᠠᠵᠤ ᠠᠬᠤᠶᠢᠯᠠᠯ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃      ᠰᠢ ᠶᠢᠨ ᠫᠢᠩ ᠡᠩ ᠲᠡᠷᠢᠭᠦᠨ ᠳᠤ ᠦᠬᠠᠨ ᠤ ᠬᠤᠸᠠ ᠬᠦᠩ ᠯᠠᠶᠢᠰᠧᠷ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠪᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠭᠦ ᠶᠡᠷᠦᠩᠬᠡᠶᠢᠯᠡᠭᠰᠡᠨ ᠲᠣᠮᠣ ᠠᠰᠠᠷ ᠲᠤ᠂ ᠰᠢ ᠶᠢᠨ ᠫᠢᠩ ᠬᠤᠪᠸᠢ ᠮᠤᠵᠢ ᠶᠢᠨ ᠬᠡᠷᠡᠯ ᠡᠯᠧᠺᠲᠷᠣᠨ ᠤ ᠮᠡᠳᠡᠭᠡ ᠵᠠᠩᠭᠢ ᠶᠢᠨ ᠠᠵᠤ ᠦᠶᠯᠡᠰ ᠤᠨ ᠬᠥᠭᠵᠢᠯᠲᠡ ᠵᠢᠴᠢ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠬᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠴᠠᠬᠢᠮ ᠤᠨ ᠠᠵᠤ ᠦᠶᠯᠡᠰ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠦᠵᠡᠭᠦᠯᠭᠡ ᠶᠢ ᠨᠠᠷᠢᠨ ᠪᠤᠳᠠᠳᠠᠢ ᠪᠠᠶᠢᠴᠠᠭᠠᠨ ᠦᠵᠡᠪᠡ᠃ ᠰᠢ ᠶᠢᠨ ᠫᠢᠩ᠂ ᠭᠡᠷᠡᠯ ᠡᠯᠧᠺᠲᠷᠣᠨ ᠤ ᠮᠡᠳᠡᠭᠡ ᠵᠠᠩᠭᠢ ᠶᠢᠨ ᠠᠵᠤ ᠦᠢᠯᠡᠰ ᠪᠣᠯ ᠬᠡᠷᠡᠭᠯᠡᠭᠡ ᠥᠷᠭᠡᠨ ᠪᠠᠶᠢᠯᠳᠤᠬᠤ ᠪᠤᠳᠤᠯᠭ᠎ᠠ ᠶᠢᠨ ᠳᠡᠭᠡᠳᠦ ᠮᠡᠷᠭᠡᠵᠢᠯ ᠤᠨ ᠠᠵᠤ ᠦᠢᠯᠡᠰ ᠮᠥᠨ᠂ ᠪᠠᠰᠠ ᠴᠤ ᠮᠠᠨ ᠤ ᠤᠯᠤᠰ ᠤᠨ ᠤᠷᠢᠤᠨ ᠢᠶᠠᠷ ᠰᠢᠪᠲᠤᠯᠤᠯᠲᠠ ᠭᠠᠷᠭᠠᠬᠤ ᠨᠥᠬᠦᠴᠡᠯ ᠲᠠᠢ ᠳᠡᠭᠡᠳᠦ ᠮᠡᠷᠭᠡᠵᠢᠯ ᠤᠨ ᠠᠵᠤ ᠦᠢᠯᠡᠰ ᠮᠥᠨ᠃ ᠬᠤᠪᠧᠶ ᠮᠤᠵᠢ ᠶᠢᠨ ᠦᠬᠠᠨ ᠤ ᠳ᠋ᠦᠩ ᠬᠤ᠋ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ ᠨᠢ ᠭᠡᠷᠡᠯ ᠡᠯᠧᠺᠲᠷᠣᠨ ᠮᠡᠳᠡᠭᠡ ᠵᠠᠩᠭᠢ ᠶᠢᠨ ᠠᠵᠤ ᠦᠶᠯᠡᠰ ᠤᠨ ᠬᠦᠷᠢᠶᠡᠨ ᠳᠤ ᠦᠪᠡᠷ ᠤᠨ ᠬᠡᠰᠡᠨ ᠥᠪᠡᠷᠮᠢᠴᠡ ᠣᠨᠴᠠᠯᠢᠭ ᠲᠠᠢ ᠶᠤᠮ᠃ ᠮᠡᠷᠭᠡᠵᠢᠯ ᠤᠨ ᠰᠤᠳᠤᠯᠤᠨ ᠨᠡᠭᠡᠭᠡᠯᠳᠡ ᠶᠢᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠭᠤᠣᠯᠯᠠᠭᠴᠢ ᠮᠡᠷᠭᠡᠵᠢᠯ ᠢ ᠨᠡᠩ ᠤᠯᠠᠨ ᠡᠵᠡᠮᠰᠢᠵᠦ᠂ ᠲᠠᠰᠤᠷᠠᠯᠳᠠ ᠦᠭᠡᠢ ᠪᠠᠷ ᠰᠢᠨ᠎ᠡ ᠶᠢ ᠡᠭᠦᠳᠬᠦ ᠬᠡᠯᠬᠢᠶ᠎ᠡ ᠶᠢ ᠤᠷᠲᠤᠳᠬᠠᠵᠤ᠂ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠭᠡᠷᠡᠯ ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠮᠠᠨ ᠤ ᠤᠯᠤᠰ ᠤᠨ ᠬᠥᠭᠵᠢᠨ ᠪᠤᠵᠠᠭᠠᠶᠢᠷᠠᠬᠤ ᠶᠢ ᠳᠠᠭᠠᠯᠳᠤᠨ᠂ ︽ᠪᠣᠭᠤᠮᠢ ᠪᠤᠯᠵᠥ ᠪᠠᠶᠢᠭ᠎ᠠ︾ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠰᠢᠪᠲᠤᠯᠬᠤ ᠠᠵᠢᠯ ᠢ ᠥᠴᠦᠬᠡᠨ ᠴᠦ ᠤᠳᠠᠭᠠᠰᠢᠷᠠᠭᠤᠯᠵᠤ ᠪᠣᠯᠬᠤ ᠦᠭᠡᠢ᠂ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠪᠦᠬᠦ ᠤᠯᠤᠰ ᠤᠨ ᠪᠠᠶᠢᠭᠤᠯᠤᠮᠵᠢ ᠶᠢᠨ ᠳᠠᠪᠠᠭᠤᠯᠢᠭ ᠢ ᠪᠠᠳᠠᠷᠠᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠱᠠᠯᠠᠮᠠᠭᠠᠶᠢᠯᠠᠨ ᠨᠡᠬᠡᠵᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠭᠡᠨ ᠪᠡᠶᠡᠯᠡᠭᠦᠯᠬᠦ ᠬᠡᠷᠡᠭᠲᠡᠢ ᠬᠡᠵᠥ ᠵᠢᠭᠠᠵᠥ ᠭᠠᠷᠭᠠᠪᠠ᠃      ᠰᠢ ᠶᠢᠨ ᠫᠢᠩ ᠤᠷᠢᠳ ᠬᠤᠵᠢᠳ ᠠᠵᠤ ᠠᠬᠤᠶᠢᠯᠠᠯ ᠤᠨ ᠯᠠᠶᠢᠰᠧᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠬᠠᠭᠠᠰ ᠳᠠᠮᠵᠢᠭᠤᠯᠤᠭᠴᠢ ᠬᠠᠪᠲᠠᠰᠤ ᠶᠢᠨ ᠯᠠᠶᠢᠰᠧᠷ ᠣᠶᠤᠨᠴᠢ ᠲᠣᠨᠣᠭᠯᠠᠯ ᠤᠨ ᠦᠶᠯᠡᠳᠪᠦᠷᠢᠯᠡᠯ ᠤᠨ ᠲᠠᠰᠤᠭ ᠲᠤ ᠬᠦᠷᠴᠦ᠂ ᠯᠠᠶᠢᠰᠧᠷ ᠮᠡᠷᠭᠡᠵᠢᠯ ᠤᠨ ᠠᠵᠤ ᠦᠶᠯᠡᠰ ᠤᠨ ᠬᠡᠷᠡᠭᠯᠡᠭᠡᠨ ᠤ ᠦᠵᠡᠭᠦᠯᠭᠡ ᠶᠢᠨ ᠪᠣᠳᠠᠰ ᠢ ᠪᠠᠶᠢᠴᠠᠭᠠᠨ ᠦᠵᠡᠪᠡ᠃ ᠰᠢ ᠶᠢᠨ ᠫᠢᠩ᠂ ᠳᠡᠭᠡᠳᠦ ᠲᠡᠰ ᠤᠨ ᠦᠢᠯᠡᠳᠬᠦ ᠦᠢᠯᠡᠰ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠃ ᠮᠠᠨ ᠤ ᠤᠯᠤᠰ ᠤᠨ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠦᠢᠯᠡᠳᠬᠦ ᠦᠢᠯᠡᠰ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠡᠷᠬᠡᠪᠰᠢ ᠮᠡᠷᠭᠡᠵᠢᠯ ᠤᠨ ᠰᠤᠳᠤᠯᠤᠨ ᠨᠡᠭᠡᠭᠡᠯᠳᠡ ᠶᠢ ᠴᠢᠩᠭᠠᠳᠬᠠᠵᠤ᠂ ᠤᠯᠤᠰ ᠤᠨ ᠦᠢᠯᠡᠳᠪᠦᠷᠢᠯᠡᠯ ᠤᠨ ᠣᠷᠣᠯᠠᠬᠤ ᠨᠤᠷᠮ᠎ᠠ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠢᠨ ᠰᠤᠳᠠᠰᠤ ᠶᠢ ᠥᠪᠡᠷ ᠤᠨ ᠭᠠᠷ ᠲᠠᠭᠠᠨ ᠡᠵᠡᠮᠳᠡᠪᠡᠯ ᠤᠯᠤᠰ ᠣᠷᠣᠨ ᠰᠠᠶ᠋ᠢ ᠵᠢᠩᠬᠢᠨᠢ ᠪᠠᠷ ᠬᠦᠴᠦᠷᠬᠡᠭᠵᠢᠵᠦ ᠴᠢᠳᠠᠨ᠎ᠠ ᠬᠡᠵᠥ ᠴᠢᠬᠤᠯᠠᠴᠢᠯᠠᠪᠠ᠃      ᠦᠢᠯᠡᠳᠪᠦᠷᠢᠯᠠᠯ ᠤᠨ ᠲᠠᠰᠤᠭ ᠤᠨ ᠠᠰᠠᠷ ᠤᠨ ᠡᠮᠦᠨ᠎ᠡ᠂ ᠰᠢ ᠶᠢᠨ ᠫᠢᠩ ᠠᠵᠤ ᠠᠬᠤᠶᠢᠯᠠᠯ ᠤᠨ ᠠᠵᠢᠯᠳᠠᠨ ᠠᠵᠢᠯᠴᠢᠨ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠮᠠᠨ ᠤ ᠤᠯᠤᠰ ᠪᠣᠯ ᠳᠡᠯᠡᠬᠡᠢ ᠶᠢᠨ ᠬᠤᠶᠠᠳᠤᠭᠠᠷ ᠲᠤᠮᠤ ᠠᠵᠤ ᠠᠬᠤᠢ ᠶᠢᠨ ᠴᠣᠭᠴᠠ ᠪᠣᠯᠤᠨ᠎ᠠ᠂ ᠭᠡᠪᠡᠴᠦ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠂ ᠵᠠᠷᠢᠮ ᠠᠵᠤ ᠦᠢᠯᠡᠰ ᠤᠨ ᠰᠠᠭᠤᠷᠢ ᠪᠠᠰᠠ ᠲᠡᠶᠢᠮᠦ ᠪᠠᠲᠤ ᠪᠠᠬᠢ ᠪᠢᠰᠢ᠂ ᠴᠢᠨᠠᠭᠰᠢᠳᠠ ᠬᠥᠭᠵᠢᠭᠦᠯᠬᠦ ᠳᠤ ᠡᠷᠬᠡᠪᠰᠢ ᠰᠢᠨ᠎ᠡ ᠶᠢ ᠡᠭᠦᠳᠬᠦ ᠳᠤ ᠲᠦᠰᠢᠭᠯᠡᠬᠦ ᠬᠡᠷᠡᠭᠲᠡᠢ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠢᠨ᠎ᠡ ᠶᠢ ᠡᠭᠦᠳᠬᠦ ᠪᠣᠯ ᠨᠢᠭᠡᠨ ᠰᠢᠢᠳᠪᠦᠷᠢᠯᠡᠭᠴᠢ ᠴᠢᠨᠠᠷᠲᠠᠢ ᠡᠯᠧᠮᠧᠨ᠋ᠲ ᠮᠥᠨ᠃ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠰᠢᠨ᠎ᠡ ᠶᠢ ᠡᠭᠦᠳᠬᠦ ᠪᠠᠷ ᠬᠦᠳᠡᠯᠭᠡᠬᠦᠷ ᠪᠤᠯᠭᠠᠬᠤ ᠬᠦᠭᠵᠢᠯᠳᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠪᠠᠶᠢᠨ᠎ᠠ᠃ ᠬᠡᠷᠪᠡ ᠮᠠᠨ ᠤ ᠬᠤᠳᠠ ᠨᠢᠭᠡ ᠪᠦᠷᠢ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠣᠷᠣᠨ ᠨᠢᠭᠡ ᠪᠦᠷᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠨᠢᠭᠡ ᠪᠦᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠨᠢᠭᠡ ᠪᠦᠷᠢ ᠴᠥᠮ ᠤᠯᠤᠰ ᠤᠨ ᠲᠣᠭᠲᠠᠭᠠᠭᠰᠠᠨ ᠬᠥᠭᠵᠢᠯᠲᠡ ᠶᠢᠨ ᠴᠢᠭᠯᠡᠯ ᠤᠨ ᠲᠤᠭᠤᠷᠢᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠯᠠᠪᠳᠠᠭᠤᠨ ᠪᠠᠲᠤᠲᠠᠢ ᠪᠠᠷ ᠠᠬᠢᠭᠤᠯᠬᠤ ᠳᠤ ᠬᠦᠷᠪᠡᠯ᠂ ᠪᠢᠳᠡ ᠲᠣᠭᠲᠠᠭᠰᠠᠨ ᠬᠠᠷᠠᠯᠲᠠ ᠪᠠᠨ ᠯᠠᠪᠲᠠᠢ ᠪᠡᠶᠡᠯᠡᠭᠦᠯᠵᠦ ᠴᠢᠳᠠᠬᠤ ᠶᠤᠮ᠃ ᠮᠠᠨ ᠤ ᠡᠨᠡ ᠦᠶ᠎ᠡ ᠶᠢᠨ ᠬᠥᠮᠦᠰ ᠡᠷᠬᠡᠪᠰᠢ ᠡᠨᠡ ᠬᠦ ᠢᠷᠠᠭᠤ ᠠᠯᠳᠠᠷᠲᠤ ᠡᠭᠦᠷᠭᠡ ᠶᠢ ᠡᠭᠦᠷᠭᠡᠯᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠨᠢᠭᠡ ᠳᠤ ᠣᠷᠣᠭᠤᠯᠤᠯᠲᠠ ᠳᠤ ᠲᠦᠰᠢᠭᠯᠡᠵᠦ᠂ ᠬᠤᠶᠠᠷ ᠲᠤ ᠴᠢᠳᠠᠪᠤᠷᠢᠲᠠᠨ ᠳᠤ ᠲᠦᠰᠢᠭᠯᠡᠬᠦ ᠬᠡᠷᠡᠭᠲᠡᠢ᠃ ᠠᠳᠡ ᠴᠥᠭᠡᠨ ᠪᠤᠰᠤ ᠰᠢᠯᠢᠳᠡᠭ ᠴᠢᠳᠠᠪᠤᠷᠢᠲᠠᠨ ᠴᠤᠭᠯᠠᠷᠠᠭᠰᠠᠨ ᠢ ᠤᠯᠵᠤ ᠬᠠᠷᠠᠯ᠎ᠠ᠂ ᠣᠯᠠᠨ ᠢᠶᠠᠷ ᠢᠶᠠᠨ ᠪᠦᠷ ᠮᠠᠰᠢ ᠵᠠᠯᠠᠭᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠪᠢ ᠮᠠᠰᠢ ᠪᠠᠶᠠᠷᠯᠠᠵᠤ ᠪᠠᠶᠢᠨ᠎ᠠ᠃ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠦᠰᠦᠨ ᠪᠣᠶᠢᠵᠢᠯᠲᠠ ᠶᠢ ᠮᠠᠰᠢ ᠬᠠᠯᠠᠮᠵᠢᠯᠠᠵᠤ ᠪᠠᠶᠢᠨ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠰᠢᠭᠲᠠᠶ ᠪᠠᠶᠢᠭᠤᠯᠤᠮᠵᠢ ᠲᠣᠭᠲᠠᠴᠠ ᠪᠠ ᠠᠵᠢᠯ ᠠᠮᠢᠳᠤᠷᠠᠯ ᠤᠨ ᠣᠷᠴᠢᠨ ᠨᠥᠬᠦᠴᠡᠯ ᠢ ᠠᠯᠢ ᠴᠢᠳᠠᠬᠤ ᠪᠠᠷ ᠡᠭᠦᠳᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠡᠬᠡ ᠣᠷᠣᠨ ᠪᠠ ᠠᠷᠠᠳ ᠲᠦᠮᠡᠨ ᠳᠡᠭᠡᠨ ᠬᠤᠪᠢ ᠨᠡᠮᠡᠷᠢ ᠦᠵᠡᠭᠦᠯᠬᠦ ᠪᠣᠯᠭᠠᠬᠤ ᠬᠡᠷᠡᠭᠲᠡᠶ᠃ ᠤᠯᠠᠨ ᠢᠶᠠᠷ ᠢᠶᠠᠨ ᠦᠷᠭᠦᠯᠵᠢᠯᠡᠨ ᠴᠢᠷᠮᠠᠶᠢᠵᠤ᠂ ᠨᠡᠩ ᠶᠡᠭᠡ ᠠᠮᠵᠢᠯᠲᠠ ᠤᠯᠬᠤ ᠶᠢ ᠬᠦᠰᠡᠵᠦ ᠪᠠᠶᠢᠨ᠎ᠠ ᠭᠡᠵᠤ ᠵᠢᠭᠠᠵᠤ ᠭᠠᠷᠭᠠᠪᠠ᠃      ᠰᠢ ᠶᠢᠨ ᠫᠢᠩ ᠲᠠᠷᠠᠭ᠎ᠠ ᠨᠢ ᠳ᠋ᠦᠩ ᠬᠣ᠋ ᠳᠡᠭᠡᠳᠦ ᠰᠢᠨ᠎ᠡ ᠮᠡᠷᠬᠡᠵᠢᠯ ᠤᠨ ᠲᠣᠭᠤᠷᠢᠭ ᠤᠨ ᠽᠦᠸᠧ ᠯᠢᠩ ᠵᠡᠭᠡᠯᠢ ᠭᠤᠳᠤᠮᠵᠢ ᠶᠢᠨ ᡁᠢ ᠶᠤᠸᠠᠨ ᠨᠡᠶᠢᠭᠡᠮ ᠲᠣᠭᠤᠷᠢᠭ ᠲᠤ ᠰᠢᠨᠵᠢᠯᠡᠨ ᠪᠠᠶᠢᠴᠠᠭᠠᠪᠠ᠃ ᠲᠤᠰ ᠨᠡᠶᠢᠭᠡᠮ ᠲᠣᠭᠤᠷᠢᠭ ᠪᠣᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠦᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ ᠲᠠᠬᠢᠨ ᠪᠠᠶᠢᠭᠤᠯᠤᠬᠰᠡᠨ ᠰᠠᠭᠤᠭᠠᠯᠢ ᠠᠷᠠᠳ ᠤᠨ ᠲᠤᠭᠤᠷᠢᠭ ᠪᠠᠶᠢᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠤ ᠲᠠᠷᠠᠭ᠎ᠠ᠂ ᠲᠠᠪᠤᠨ ᠱᠠᠲᠤᠨ ᠤ ᠳᠠᠭᠠᠭᠠᠴᠢᠯᠠᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢᠨ ᠳᠠᠭᠠᠨ ᠪᠤᠴᠠᠵᠤ ᠠᠵᠢᠯ ᠢᠶᠠᠨ ᠰᠡᠷᠭᠦᠭᠡᠬᠦ ᠪᠠ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠤᠭᠰᠠᠨ ᠨᠡᠶᠢᠭᠡᠮ ᠲᠣᠭᠤᠷᠢᠭ ᠤᠨ ᠲᠣᠭᠲᠠᠭᠤᠨ ᠪᠠᠲᠤᠯᠠᠭ᠎ᠠ ᠶᠢᠨ ᠰᠢᠰᠲ᠋ᠧᠮ ᠢ ᠪᠦᠷᠢᠯᠳᠦᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠠᠵᠢᠯ ᠤᠨ ᠬᠡᠪ ᠤᠨ ᠪᠠᠶᠢᠳᠠᠯ ᠢ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠪᠠ᠃ ᠬᠤᠪᠸᠢ ᠮᠤᠵᠢ ᠶᠢᠨ ᠪᠠᠶᠢᠩᠭᠤᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠢᠵᠢᠭ ᠤᠨ ᠳᠠᠷᠠᠭᠠᠬᠢ ᠨᠡᠶᠢᠭᠡᠮ ᠲᠣᠭᠤᠷᠢᠭ ᠤᠨ ᠵᠠᠰᠠᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ᠂ 2020 ᠣᠨ ᠤ ᠦᠬᠠᠨ ᠢ ᠬᠠᠮᠠᠭᠠᠯᠠᠬᠤ ᠳᠠᠶᠢᠯᠠᠯᠳᠤᠭᠠᠨ ᠢᠯᠠᠯᠲᠠ ᠣᠯᠤᠭᠰᠠᠨ ᠠᠴᠠ ᠨᠠᠭᠠᠰᠢ᠂ ᠦᠬᠠᠨ ᠳᠤ ᠪᠠᠰᠠ ᠣᠯᠠᠨ ᠤᠳᠠᠭ᠎ᠠ ᠲᠥᠪᠯᠡᠷᠡᠯ ᠤᠨ ᠴᠢᠨᠠᠷᠲᠠᠶ ᠬᠢᠵᠢᠭ ᠤᠨ ᠪᠠᠶᠢᠳᠠᠯ ᠲᠤᠯᠭᠠᠷᠠᠭᠰᠠᠨ ᠪᠣᠯᠪᠠᠴᠤ ᠮᠠᠰᠢ ᠲᠦᠷᠭᠡᠨ ᠡᠵᠡᠮᠳᠡᠵᠦ᠂ ᠶᠡᠭᠡ ᠬᠡᠪᠴᠢᠶ᠎ᠠ ᠪᠠᠷ ᠳᠠᠬᠢᠨ ᠳᠡᠯᠭᠡᠷᠡᠭᠰᠡᠨ ᠥᠬᠡᠶ᠃ ᠦᠬᠠᠨ ᠬᠤᠲᠠ ᠶᠢᠨ ᠬᠢᠨ ᠪᠠᠶᠢᠡᠭᠭᠤᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠨ ᠬᠢᠵᠡᠶ᠂ ᠲᠤᠷᠰᠢᠯᠭ᠎ᠠ ᠶᠢ ᠳ᠋ᠦᠩᠨᠡᠭᠦᠰᠢᠲᠡᠶ ᠶᠤᠮ᠃ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠭᠯᠡᠯᠲᠡ ᠲᠦᠷᠦ ᠶᠢᠨ ᠪᠤᠳᠤᠯᠭ᠎ᠠ ᠪᠣᠯ ᠵᠥᠪ᠂ ᠪᠦᠲᠦᠮᠵᠢᠲᠡᠢ ᠶᠤᠮ᠂ ᠡᠷᠬᠡᠪᠰᠢ ᠡᠷᠡᠰ ᠭᠤᠶᠢᠪᠢᠰᠢ ᠦᠭᠡᠢ ᠪᠠᠷ ᠪᠠᠷᠢᠮᠲᠠᠯᠠᠬᠤ ᠬᠡᠷᠡᠭᠲᠡᠢ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠤ ᠴᠢᠬᠤᠯᠠᠴᠢᠯᠠᠪᠠ᠃      ᠰᠢ ᠶᠢᠨ ᠫᠢᠩ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠴᠢᠳ ᠤᠨ ᠲᠢᠩᠬᠢᠮ ᠳᠤ ᠬᠦᠷᠴᠦ᠂ ᠨᠡᠶᠢᠭᠡᠮ ᠲᠣᠭᠤᠷᠢᠭ ᠤᠨ ᠠᠵᠢᠯᠲᠠᠨ᠂ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠨᠠᠮ ᠤᠨ ᠭᠡᠰᠢᠭᠦᠨ ᠺᠠᠳ᠋ᠷ᠂ ᠰᠠᠶᠢᠨ ᠳᠤᠷᠠᠴᠤᠳ ᠠᠴᠠ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠠᠵᠢᠯᠯᠠᠭᠠᠨ ᠤ ᠪᠠᠶᠢᠳᠠᠯ ᠢ ᠣᠶᠢᠯᠠᠭᠠᠵᠤ᠂ ᠲᠡᠳᠡᠨ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠬᠠᠰᠢᠯᠭ᠎ᠠ ᠪᠠᠨ ᠪᠠᠬᠢᠯᠡᠵᠦ᠂ ᠰᠠᠭᠤᠭᠠᠯᠢ ᠠᠷᠠᠳ ᠲᠤ ᠰᠠᠨᠠᠭ᠎ᠠ ᠠᠮᠤᠷ ᠦᠯᠵᠠᠢ ᠪᠡᠯᠭᠡ ᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠭᠠᠷᠠᠶ ᠭᠡᠵᠦ ᠵᠣᠷᠢᠭᠵᠢᠭᠤᠯᠪᠠ᠃ ᠰᠢ ᠶᠢᠨ ᠫᠢᠩ ᠨᠡᠶᠢᠭᠡᠮ ᠲᠣᠭᠤᠷᠢᠭ ᠲᠤ ᠶᠠᠪᠤᠬᠤ ᠶᠢᠨ ᠳᠠᠭᠠᠤ ᠦᠵᠡᠵᠦ᠂ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠪᠥᠭᠡᠮ ᠬᠦᠴᠢᠯ ᠤᠨ ᠥᠯᠢᠭᠡᠷ ᠠᠪᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠨᠤᠲᠠᠯᠠᠵᠤ ᠪᠠᠶᠢᠬᠤ ᠪᠠᠨ ᠢᠯᠡᠳᠭᠡᠪᠡ᠃ ᠰᠢ ᠶᠢᠨ ᠫᠢᠩ᠂ ᠬᠢᠵᠢᠭ ᠤᠨ ᠪᠠᠶᠢᠳᠠᠯ ᠢ ᠠᠷᠭᠠᠴᠠᠭᠠᠬᠤ ᠲᠡᠮᠡᠴᠡᠯ ᠳᠤᠮᠳᠠ᠂ ᠪᠠᠴᠢᠮ ᠪᠠᠶᠢᠳᠠᠯ ᠢ ᠠᠷᠭᠠᠴᠠᠭᠠᠬᠤ ᠰᠡᠷᠭᠡᠶᠢᠯᠡᠨ ᠡᠵᠡᠮᠳᠡᠬᠦ ᠠᠵᠢᠯ ᠴᠤ ᠲᠡᠷᠡ᠂ ᠰᠡᠷᠭᠡᠶᠢᠯᠡᠨ ᠡᠵᠡᠮᠳᠡᠬᠦ ᠶᠢ ᠪᠠᠶᠢᠡᠭᠭᠤᠵᠢᠭᠤᠯᠬᠤ ᠠᠵᠢᠯ ᠴᠤ ᠲᠡᠷᠡ ᠂ ᠨᠡᠶᠢᠭᠡᠮ ᠲᠣᠭᠤᠷᠢᠭ ᠪᠦᠷ ᠮᠠᠰᠢ ᠴᠢᠬᠤᠯᠠ ᠦᠢᠯᠡᠳᠦᠯ ᠦᠵᠡᠭᠦᠯᠵᠡᠢ᠃ ᠶᠡᠷᠦᠩᠬᠡᠢ ᠳᠤᠨᠢ ᠠᠪᠴᠤ ᠬᠡᠯᠡᠪᠡᠯ᠂ ᠡᠷᠲᠡ ᠢᠯᠡᠷᠡᠭᠦᠯᠬᠦ᠂ ᠲᠦᠷᠭᠡᠨ ᠰᠢᠢᠳᠪᠦᠷᠢᠯᠡᠬᠦ ᠳᠤ ᠲᠦᠰᠢᠭᠯᠡᠬᠦ ᠬᠡᠷᠡᠭᠲᠡᠢ᠂ ᠥᠷᠭᠡᠨ ᠤᠯᠠᠨ ᠠᠷᠠᠳ ᠲᠦᠮᠡᠨ ᠤ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠬᠤ ᠳᠤ ᠲᠦᠰᠢᠭᠯᠡᠬᠦ ᠬᠡᠷᠡᠭᠲᠡᠢ᠂ ᠨᠡᠶᠢᠭᠡᠮ ᠲᠣᠭᠤᠷᠢᠭ ᠭᠡᠬᠦ ᠡᠨᠡ ᠬᠦ ᠴᠢᠬᠤᠯᠠ ᠰᠠᠭᠤᠷᠢ ᠳᠤ ᠲᠦᠰᠢᠭᠯᠡᠬᠦ ᠬᠡᠷᠡᠭᠲᠡᠢ᠃ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠶᠢ ᠪᠠᠶᠢᠡᠭᠭᠤᠵᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ ᠵᠠᠪᠠᠯ ᠡᠷᠡᠰ ᠰᠢᠭᠤᠷᠬᠠᠢ᠂ ᠲᠠᠲᠠᠭᠠᠯᠵᠠᠵᠤ ᠪᠣᠯᠬᠤ ᠦᠭᠡᠢ᠂ ᠰᠢᠨᠵᠢᠯᠡᠬᠦ ᠤᠬᠠᠭᠠᠨᠴᠢ ᠴᠢᠩᠭ᠎ᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠲᠦᠪᠰᠢᠨ ᠢᠶᠠᠨ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠭᠡᠬᠦ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠬᠤ ᠬᠡᠷᠡᠭᠲᠡᠢ ᠭᠡᠵᠤ ᠴᠢᠬᠤᠯᠠᠴᠢᠯᠠᠪᠠ᠃      ᡁᠢ ᠶᠤᠸᠠᠨ ᠨᠡᠶᠢᠭᠡᠮ ᠲᠣᠭᠤᠷᠢᠭ ᠨᠢ ᠨᠠᠰᠤᠵᠢᠯ ᠤᠨ ᠲᠣᠪᠣᠶᠢᠮ᠎ᠠ ᠠᠰᠠᠭᠤᠳᠠᠯ ᠤᠨ ᠲᠣᠭᠤᠷᠢᠨ ᠳᠤ᠂ ᠨᠠᠰᠤᠵᠢᠯ ᠤᠨ ᠦᠶᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠬᠡᠷ ᠲᠡᠭᠡᠨ ᠰᠠᠭᠤᠬᠤ ᠪᠠᠷ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠪᠠᠶᠢᠭᠤᠯᠤᠮᠵᠢ ᠪᠠᠷ ᠨᠥᠬᠦᠪᠥᠷᠢ ᠪᠣᠯᠭᠠᠭᠰᠠᠨ᠂ ᠡᠮᠴᠢᠯᠡᠬᠦ ᠪᠠ ᠰᠤᠪᠢᠯᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠦᠶᠯᠡᠴᠢᠯᠡᠭᠡᠨ ᠤ ᠵᠠᠭᠪᠤᠷ ᠢ ᠪᠠᠶᠢᠭᠤᠯᠪᠠ᠃ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠲᠤ᠂ ᠰᠢ ᠶᠢᠨ ᠫᠢᠩ ᠨᠡᠶᠢᠭᠡᠮ ᠲᠣᠭᠤᠷᠢᠭ ᠤᠨ ᠠᠵᠢᠯᠲᠠᠳ ᠠᠴᠠ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠵᠠᠰᠠᠯᠲᠠ ᠵᠢᠴᠢ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠶᠢ ᠬᠥᠲᠥᠯᠥᠨ ᠳᠠᠭᠠᠭᠤᠯᠤᠭᠰᠠᠨ ᠪᠠᠶᠢᠳᠠᠯ ᠵᠡᠷᠭᠡ ᠶᠢ ᠣᠶᠢᠯᠠᠭᠠᠭᠰᠠᠨ ᠪᠥᠭᠡᠳ ᠠᠵᠢᠯ ᠶᠠᠪᠤᠳᠠᠯ ᠭᠦᠶᠴᠡᠳᠭᠡᠬᠦ ᠪᠠᠷ ᠢᠷᠡᠭᠰᠡᠨ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠬᠡᠷ ᠪᠦᠯᠢ ᠶᠢᠨ ᠪᠠᠶᠢᠳᠠᠯ ᠢ ᠨᠠᠷᠢᠨ ᠠᠰᠠᠭᠤᠪᠠ᠃ ᠰᠢ ᠶᠢᠨ ᠫᠢᠩ᠂ ᠨᠡᠶᠢᠭᠡᠮ ᠲᠣᠭᠤᠷᠢᠭ ᠪᠣᠯ ᠬᠤᠳᠠ ᠶᠢᠨ ᠵᠠᠰᠠᠯᠲᠠ ᠶᠢᠨ ᠰᠢᠰᠲ᠋ᠧᠮ ᠤᠨ ᠦᠨᠳᠦᠰᠦᠨ ᠨᠢᠭᠡᠴᠢ ᠪᠣᠯᠤᠨ᠎ᠠ᠃ ᠮᠠᠨ ᠤ ᠤᠯᠤᠰ ᠤᠨ ᠤᠯᠤᠰ ᠤᠨ ᠵᠠᠰᠠᠯᠲᠠ ᠶᠢᠨ ᠰᠢᠰᠲ᠋ᠧᠮ ᠤᠨ ᠨᠢᠭᠡ ᠳᠠᠪᠠᠭᠤᠯᠢᠭ ᠪᠣᠯ ᠳᠠᠷᠤᠢ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠰᠠᠭᠤᠷᠢ ᠶᠢ ᠪᠠᠲᠤ ᠴᠣᠭᠴᠠᠯᠠᠬᠤ ᠶᠠᠪᠤᠳᠠᠯ ᠪᠣᠯᠤᠨ᠎ᠠ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠲᠣᠭᠤᠷᠢᠭ ᠤᠨ ᠵᠠᠰᠠᠯᠲᠠ ᠳᠤᠮᠳᠠᠬᠢ ᠤᠳᠤᠷᠢᠳᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠨᠡᠩ ᠤᠯᠠᠨ ᠡᠬᠢ ᠪᠠᠶᠠᠯᠢᠭ ᠢ ᠨᠡᠶᠢᠭᠡᠮ ᠲᠣᠭᠤᠷᠢᠭ ᠲᠤ ᠪᠠᠭᠤᠯᠭᠠᠵᠤ᠂ ᠠᠵᠢᠯ ᠤᠨ ᠬᠦᠴᠦᠨ ᠢᠶᠠᠨ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠣᠯᠤᠨ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠬᠤᠳᠠ ᠶᠢᠨ ᠵᠠᠰᠠᠯᠲᠠ ᠶᠢᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠤ᠂ ᠺᠠᠳ᠋ᠷ ᠤᠯᠠᠨ ᠲᠦᠮᠡᠨ ᠬᠦᠷᠢᠶᠡᠯᠡᠨ ᠢᠷᠡᠵᠤ᠂ ᠶᠡᠷᠦᠩᠬᠡᠢ ᠱᠦᠵᠢ ᠶᠢᠨ ᠠᠮᠤᠷ ᠢ ᠠᠰᠠᠭᠤᠵᠤ ᠪᠠᠶᠢᠯ᠎ᠠ᠃ ᠰᠢ ᠶᠢᠨ ᠫᠢᠩ᠂ ᠪᠢ ᠦᠬᠠᠨ ᠤ ᠠᠷᠠᠳ ᠲᠦᠮᠡᠨ ᠤ ᠲᠥᠯᠥᠭᠡ ᠰᠠᠨᠠᠭᠠᠰᠢᠷᠠᠵᠤ᠂ ᠬᠤᠶᠠᠷ ᠵᠢᠯ ᠠᠯᠤᠰᠯᠠᠭᠠᠳ ᠦᠬᠠᠨ ᠭᠡᠬᠦ ᠡᠨᠡ ᠬᠦ ᠪᠠᠭᠠᠲᠤᠷᠯᠢᠭ ᠬᠤᠳᠠ ᠳᠤ ᠳᠠᠬᠢᠨᠲᠠ ᠢᠷᠡᠵᠤ ᠤᠯᠠᠨ ᠢ ᠪᠣᠯᠭᠤᠭᠠᠨ ᠦᠵᠡᠪᠡ᠃ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠥᠷᠭᠡᠨ ᠤᠯᠠᠨ ᠨᠡᠶᠢᠭᠡᠮ ᠲᠣᠭᠤᠷᠢᠭ ᠤᠨ ᠠᠵᠢᠯᠳᠠᠨ ᠤᠷᠳᠤ ᠬᠤᠭᠤᠴᠠᠭ᠎ᠠ ᠪᠠᠷ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠢ ᠪᠠᠲᠤ ᠰᠠᠬᠢᠵᠤ᠂ ᠶᠡᠭᠡ ᠬᠡᠮᠵᠢᠶᠡᠨ ᠤ ᠶᠠᠷᠰᠢᠭ ᠲᠦᠪᠡᠭ ᠲᠠᠢ ᠪᠣᠳᠠᠲᠠᠢ ᠠᠵᠢᠯ ᠢ ᠡᠭᠦᠷᠭᠡᠯᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠨᠡᠨ ᠰᠡᠳᠭᠢᠯ ᠠᠴᠠ ᠪᠠᠨ ᠦᠢᠯᠡᠴᠢᠯᠡᠵᠦ᠂ ᠮᠠᠰᠢ ᠵᠦᠳᠡᠷᠡᠯᠲᠡᠢ ᠪᠠᠶᠢᠵᠤ᠂ ᠪᠠᠯᠠᠷᠠᠰᠢ ᠦᠭᠡᠢ ᠭᠠᠪᠢᠶ᠎ᠠ ᠵᠢᠳᠬᠦᠯ ᠦᠵᠡᠭᠦᠯᠦᠭᠰᠡᠨ ᠶᠤᠮ᠃ ᠠᠳᠡ ᠪᠢ ᠲᠠ ᠪᠦᠬᠦᠨ ᠳᠤ ᠲᠡᠷᠡᠴᠢᠯᠡᠨ ᠪᠦᠬᠦ ᠤᠯᠤᠰ ᠤᠨ ᠥᠷᠭᠡᠨ ᠤᠯᠠᠨ ᠨᠡᠶᠢᠭᠡᠮ ᠲᠣᠭᠤᠷᠢᠭ ᠤᠨ ᠠᠵᠢᠯᠳᠠᠨ ᠢ ᠴᠢᠩ ᠰᠡᠳᠭᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠭᠡᠶ᠎ᠡ ᠭᠡᠵᠦ ᠤᠯᠠᠨ ᠳᠤ ᠬᠡᠯᠡᠪᠡ᠃      ᠰᠢ ᠶᠢᠨ ᠫᠢᠩ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯ ᠨᠢᠭᠡ ᠤᠳᠠᠭ᠎ᠠ ᠶᠢᠨ ᠶᠡᠭᠡ ᠰᠢᠯᠭᠠᠯᠲᠠ ᠮᠥᠨ᠃ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠭᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ ᠶᠢ ᠪᠠᠷᠢᠮᠲᠠᠯᠠᠵᠤ᠂ ᠴᠠᠭ ᠪᠠ ᠪᠠᠶᠢᠳᠠᠯ ᠳᠤ ᠵᠣᠬᠢᠴᠠᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠲᠠᠰᠤᠷᠠᠯᠲᠠ ᠥᠬᠡᠶ ᠲᠣᠬᠢᠷᠠᠭᠤᠯᠤᠯᠲᠠ ᠬᠢᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ ᠮᠠᠨ ᠤ ᠤᠯᠤᠰ ᠤᠨ ᠬᠥᠮᠦᠨ ᠠᠮᠠ ᠶᠢᠨ ᠰᠠᠭᠤᠷᠢ ᠲᠤᠭ᠎ᠠ ᠶᠡᠭᠡ᠂ ᠬᠡᠷᠪᠡ ︽ᠬᠠᠮᠲᠤ ᠶᠢᠨ ᠡᠭᠡᠯᠢᠯᠡᠭᠡ︾᠂ ︽ᠬᠠᠷᠠᠵᠥ ᠰᠠᠭᠤᠭᠠᠳ ᠬᠠᠶᠠᠨ ᠳᠤ ᠨᠢ ᠬᠠᠶᠠᠬᠤ︾ ᠵᠡᠷᠭᠡ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠥᠭᠰᠡᠨ ᠪᠤᠯ ᠦᠷ᠎ᠡ ᠳ᠋ᠦᠩ ᠨᠢ ᠰᠡᠳᠭᠢᠭᠳᠡᠰᠢ ᠥᠬᠡᠶ ᠪᠤᠯᠬᠤ ᠶᠤᠮ᠃ ᠪᠢᠳᠡ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠢ ᠨᠠᠮ ᠤᠨ ᠲᠥᠪ ᠬᠤᠷᠢᠶ᠎ᠠ ᠨᠠᠮ ᠤᠨ ᠰᠢᠨᠵᠢ ᠴᠢᠨᠠᠷ ᠵᠣᠷᠢᠯᠲᠠ ᠠᠴᠠ ᠡᠭᠦᠰᠴᠦ᠂ ᠮᠠᠨ ᠤ ᠤᠯᠤᠰ ᠤᠨ ᠤᠯᠤᠰ ᠤᠨ ᠪᠠᠶᠢᠳᠠᠯ ᠠᠴᠠ ᠡᠭᠦᠰᠴᠦ ᠲᠣᠭᠲᠠᠭᠠᠭᠰᠠᠨ ᠶᠤᠮ᠂ ᠠᠵᠤ ᠠᠬᠤᠶ ᠶᠢᠨ ᠬᠥᠭᠵᠢᠯᠲᠡ ᠶᠢ ᠲᠦᠷ ᠴᠠᠭ ᠵᠢᠭᠠᠬᠠᠨ ᠨᠥᠯᠥᠭᠡᠯᠡᠭᠰᠡᠨ ᠴᠦ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠤᠬᠢᠷᠠᠭᠤᠯᠵᠤ ᠪᠣᠯᠬᠤ ᠥᠬᠡᠶ᠂ ᠢᠯᠠᠩᠭᠤᠶ᠎ᠠ ᠨᠠᠰᠤᠲᠠᠶᠢᠴᠤᠳ᠂ ᠬᠡᠦᠬᠡᠳ ᠢ ᠰᠠᠶᠢᠲᠤᠷ ᠬᠠᠮᠠᠭᠠᠯᠠᠬᠤ ᠬᠡᠷᠡᠭᠲᠡᠶ᠃ ᠬᠡᠷᠪᠡ ᠶᠡᠷᠦᠩᠬᠡᠶ ᠳᠠᠩᠰᠠ ᠶᠢ ᠪᠤᠳᠤᠪᠠᠯ᠂ ᠮᠠᠨ ᠤ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠪᠣᠯ ᠬᠠᠮᠤᠭ ᠤᠨ ᠬᠢᠮᠳᠠ᠂ ᠦᠷ᠎ᠡ ᠪᠦᠲᠦᠮᠵᠢ ᠪᠠᠷ ᠬᠠᠮᠤᠭ ᠤᠨ ᠰᠠᠶᠢᠨ ᠶᠤᠮ᠃ ᠪᠢᠳᠡᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠲᠠᠢ᠂ ᠨᠡᠶᠢᠭᠡᠮ ᠲᠣᠭᠤᠷᠢᠭ ᠭᠡᠬᠦ ᠡᠨᠡ ᠬᠦ ᠴᠢᠬᠤᠯᠠ ᠦᠨᠳᠦᠰᠦᠨ ᠱᠠᠲᠤᠨ ᠤ ᠰᠠᠭᠤᠷᠢ ᠲᠠᠢ᠂ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠴᠢᠳᠠᠪᠤᠷᠢ ᠲᠠᠢ ᠮᠥᠷᠲᠡᠭᠡᠨ ᠪᠣᠳᠠᠲᠤ ᠬᠦᠴᠦᠨ ᠲᠠᠢ ᠪᠠᠶᠢᠵᠤ᠂ ᠡᠴᠦᠰ ᠲᠤ ᠪᠠᠨ ᠢᠯᠠᠯᠲᠠ ᠶᠢ ᠣᠯᠬᠤ ᠶᠤᠮ ᠭᠡᠵᠦ ᠴᠢᠬᠤᠯᠠᠴᠢᠯᠠᠪᠠ᠃      ᠰᠢ ᠶᠢᠨ ᠫᠢᠩ᠂ ᠣᠳᠣᠬᠠᠨ ᠳᠤ ᠬᠢᠵᠢᠭ ᠤᠨ ᠪᠠᠶᠢᠳᠠᠯ ᠬᠠᠷᠠᠬᠠᠨ ᠠᠷᠢᠯᠤᠭᠠᠳᠤᠢ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ ᠳᠠᠷᠤᠯᠲᠠ ᠪᠠᠰᠠ ᠮᠠᠰᠢ ᠶᠡᠭᠡ ᠪᠠᠶᠢᠨ᠎ᠠ᠃ ᠪᠠᠷᠢᠮᠲᠠᠯᠠᠯ ᠪᠣᠯ ᠢᠯᠠᠯᠲᠠ ᠮᠦᠨ᠃ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠭᠢᠯᠭᠡ᠂ ᠰᠤᠯᠠᠷᠠᠬᠤ ᠰᠡᠳᠭᠢᠯᠭᠡ ᠶᠢ ᠢᠯᠠᠨ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠨᠠᠷᠢᠯᠢᠭ ᠠᠳᠬᠤᠬᠤ ᠶᠢᠨ ᠬᠠᠮᠲᠤ ᠠᠵᠤ ᠠᠬᠤᠢ ᠶᠢᠨ ᠲᠣᠭᠲᠠᠭᠤᠨ ᠡᠷᠡᠭᠦᠯ ᠬᠥᠭᠵᠢᠯᠲᠡ ᠶᠢ ᠠᠯᠢ ᠴᠢᠳᠠᠬᠤ ᠪᠠᠷ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠷᠭ᠎ᠠ ᠪᠤᠳᠤᠨ ᠠᠷᠠᠳ ᠤᠯᠠᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠠᠵᠤ ᠠᠬᠤᠢ ᠶᠢᠨ ᠬᠥᠭᠵᠢᠯᠲᠡ ᠪᠠ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠳᠤ ᠪᠠᠭ᠎ᠠ ᠨᠥᠯᠥᠭᠡ ᠦᠵᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠳᠤ ᠢᠲᠡᠭᠡᠯ ᠲᠠᠢ ᠪᠠᠶᠢᠨ᠎ᠠ᠂ ᠡᠨᠡ ᠵᠢᠯ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠨᠡᠯᠢᠶᠡᠳ ᠰᠠᠶᠢᠨ ᠲᠦᠪᠰᠢᠨ ᠳᠤ ᠬᠦᠷᠬᠦ ᠪᠠᠷ ᠴᠢᠷᠮᠠᠶᠢᠬᠤ ᠬᠡᠷᠡᠭᠳᠡᠢ ᠭᠡᠵᠦ ᠵᠢᠭᠠᠵᠤ ᠭᠠᠷᠭᠠᠪᠠ᠃      ᠳ᠋ᠢᠩ ᠰᠢᠤᠸᠠᠢ ᠰᠢᠶᠠᠩ ᠪᠣᠯᠤᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1