ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/6
      7 ᠰᠠᠷ᠎ᠠ ᠶᠢᠨ 5 ᠤ ᠡᠳᠦᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠴᠢ ᠸᠠᠩ ᠮᠢᠩ ᠬᠤᠷᠠᠯ ᠢ ᠡᠷᠭᠢᠯᠡᠪᠡ᠃        ᠬᠤᠷᠠᠯ ᠠᠴᠠ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠬᠠᠮᠢᠶ᠎ᠠ ᠪᠦᠬᠦᠢ ᠤᠴᠢᠷ ᠶᠠᠪᠤᠳᠠᠯ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ︽ᠲᠠᠪᠤᠨ ᠦᠵᠡᠯ﹀﹀ ᠤᠨ ᠬᠥᠮᠦᠵᠢᠯ ᠢ ᠭᠦᠨᠵᠡᠭᠡᠶᠢᠷᠡᠭᠦᠯᠦᠨ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠠᠬᠢᠭᠤᠯᠬᠤ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠤᠳᠤᠯᠤᠨ ᠬᠢᠨᠠᠨ ᠵᠥᠪᠯᠡᠪᠡ︔ᠤᠯᠤᠰ ᠲᠦᠷᠦ ᠶᠢᠨ ᠵᠥᠪᠯᠡᠯᠭᠡᠨ ᠤ ᠪᠥᠬᠦᠳᠡ ᠬᠤᠷᠠᠯ ᠤᠨ ᠳᠦᠷᠢᠮ᠂ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠤ ᠳᠦᠷᠢᠮ᠂ ᠲᠤᠰᠬᠠᠢ ᠺᠣᠮᠢᠰ ᠤᠨ ᠬᠤᠷᠠᠯᠳᠤᠭᠠᠨ ᠤ ᠶᠡᠷᠦᠩᠬᠡᠢ ᠳᠦᠷᠢᠮ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠬᠢᠨᠠᠨ ᠰᠢᠯᠭᠠᠬᠤ ᠠᠷᠭ᠎ᠠ ᠶᠢ ᠬᠢᠨᠠᠨ ᠶᠠᠷᠢᠯᠴᠠᠵᠤ ᠪᠠᠲᠤᠯᠠᠪᠠ᠃ ᠬᠤᠷᠠᠯ ᠳᠡᠭᠡᠷ᠎ᠡ ᠪᠠᠰᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠳᠦᠷᠢᠮ︾ ᠢ ᠲᠤᠰᠬᠠᠢ ᠰᠡᠳᠦᠪ ᠢᠶᠠᠷ ᠰᠤᠷᠤᠯᠴᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠰᠡᠳᠬᠢᠯᠭᠡ ᠪᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ  ᠰᠡᠳᠬᠢᠯᠭᠡ ᠪᠠᠷ ᠤᠯᠤᠰ ᠲᠦᠷᠦ ᠶᠢᠨ ᠵᠥᠪᠯᠡᠯᠭᠡ ᠬᠢᠬᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠠᠵᠢᠯ ᠢ ᠲᠦᠷᠦᠭᠦᠯᠡᠨ ᠥᠷᠨᠢᠭᠦᠯᠵᠦ᠂ ᠮᠠᠨ ᠤ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠪᠤᠢ ᠪᠣᠯᠭᠠᠬᠤ ᠶᠢ ᠲᠦᠯᠬᠢᠨ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ  ᠬᠤᠷᠠᠯᠳᠤᠭᠤᠯᠬᠤ ᠶᠢ  ᠪᠠᠶᠠᠷᠯᠠᠨ  ᠤᠭᠳᠤᠶ᠎ᠠ ᠭᠡᠪᠡ᠃       ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠣᠶᠤᠨᠴᠡᠴᠡᠭ᠂ ᠯᠢ ᡁᠢ ᠫᠢᠩ᠂᠂ ᠱᠢ ᠵᠢᠶᠠᠨ ᠵᠦᠩ᠂᠂ ᠦ᠋  ᠵᠢᠶᠧ  ᠬᠤᠷᠠᠯ ᠳᠤ  ᠲᠤᠰ ᠲᠤᠰ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1