ᠭᠡᠵᠢᠭᠡ ᠪᠠᠨ ᠤᠬᠢᠶᠠᠭᠠᠳ ᠲᠠᠷᠤᠶᠢᠬᠠᠨ ᠦᠯᠢᠶᠡᠵᠦ ᠬᠠᠲᠠᠭᠠᠬᠤ ᠦᠦ︖
ᠨᠡᠶᠢᠲᠡᠯᠡᠭᠰᠡᠨ ᠴᠠᠭ᠄
2022/8/19
     ᠣᠷᠴᠢᠮ ᠳᠤ ᠮᠠᠰᠢ ᠣᠯᠠᠨ ᠬᠥᠮᠦᠨ ᠲᠣᠯᠣᠭᠠᠶ ᠪᠠᠨ ᠤᠬᠢᠶᠠᠭᠰᠠᠨ ᠤ ᠳᠠᠷᠠᠭ᠎ᠠ ᠳᠠᠷᠤᠢ ᠳᠤᠨᠢ ᠦᠯᠢᠶᠡᠵᠦ  ᠬᠠᠲᠠᠭᠠᠬᠤ ᠡᠰᠡᠬᠦ ᠶᠢ ᠰᠦᠯᠵᠢᠶᠡᠨ ᠳᠡᠭᠡᠷ᠎ᠡ ᠮᠠᠷᠭᠤᠯᠳᠤᠵᠤ ᠪᠠᠶᠢᠨ᠎ᠠ᠃        ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠠᠷᠠᠰᠤᠨ ᠤ ᠰᠠᠯᠠᠭᠠᠨ ᠤ  ᠡᠷᠬᠢᠯᠡᠭᠴᠢ ᠡᠮᠴᠢ ᠶᠠᠩ ᠱᠤ᠋ ᠰᠢᠶᠠ ᠢᠯᠡᠷᠬᠡᠶᠢᠯᠡᠬᠦ ᠳᠡᠭᠡᠨ᠄ ︽ᠲᠣᠯᠣᠭᠠᠶ ᠪᠠᠨ ᠤᠬᠢᠶᠠᠭᠰᠠᠨ ᠤ ᠳᠠᠷᠠᠭ᠎ᠠ ᠭᠡᠵᠢᠭᠡ ᠶᠢ ᠳᠠᠷᠦ᠋ᠢᠬᠠᠨ ᠦᠯᠢᠶᠡᠨ ᠬᠠᠳᠠᠭᠠᠵᠤ ᠪᠣᠯᠬᠤ ᠥᠬᠡᠶ︾᠂ ᠵᠠᠷᠢᠮ ᠬᠥᠮᠦᠨ ᠭᠡᠵᠢᠭᠡ ᠪᠠᠨ ᠤᠬᠢᠶᠠᠵᠤ ᠪᠠᠷᠠᠪᠠᠯ ᠴᠠᠬᠢᠯᠭᠠᠨ ᠦᠯᠢᠶᠡᠭᠦᠷ ᠢ ᠨᠡᠯᠢᠶᠡᠳ ᠶᠡᠭᠡ ᠬᠠᠯᠠᠭᠤᠨ ᠳᠤ ᠲᠣᠬᠢᠷᠠᠭᠤᠯᠤᠨ ᠦᠯᠢᠶᠡᠯᠭᠡᠳᠡᠭ᠂ ᠡᠨᠡ ᠦᠶ᠎ᠡ ᠳᠤ ᠭᠡᠵᠢᠭᠡᠨ ᠳᠣᠲᠣᠷᠠᠬᠢ ᠤᠰᠤ ᠨᠢ ᠠᠭᠤᠷᠰᠢᠭᠠᠳ ᠦᠰᠦᠨ ᠳᠣᠲᠣᠷ᠎ᠠ ︽ᠬᠥᠭᠡᠰᠦᠯᠢᠭ ᠭᠡᠵᠢᠭᠡ︾  ᠭᠠᠷᠴᠤ ᠦᠰᠦ ᠠᠮᠠᠷᠬᠠᠨ ᠬᠤᠭᠤᠷᠳᠠᠭ ᠭᠡᠪᠡ᠃ ᠠᠶᠠᠨᠳᠠᠭᠠᠨ ᠬᠠᠳᠠᠭᠠᠬᠤ ᠳᠤᠷᠠᠲᠠᠶ ᠬᠥᠮᠦᠨ ᠳᠤ ᠶᠠᠩ ᠡᠮᠴᠢ  ᠰᠠᠨᠠᠭᠤᠯᠤᠭᠰᠠᠨ ᠨᠢ᠄ ︽ᠠᠶᠠᠨᠳᠠᠭᠠᠨ‌ᠬᠠᠲᠠᠭᠠᠬᠤ ᠶᠠᠪᠤᠴᠠ ᠳᠤ ᠭᠡᠵᠢᠭᠡ ᠪᠠᠨ ᠪᠢᠲᠡᠭᠡᠶ ᠠᠬᠢᠨ ᠲᠠᠬᠢᠨ ᠰᠠᠮᠨᠠᠭᠠᠳ  ᠪᠤᠢ︾᠃ ᠦᠰᠦ ᠨᠦᠢᠲᠠᠨ ᠦᠶ᠎ᠡ ᠳᠡᠭᠡᠨ᠂ ᠦᠰᠦᠨ ᠤ ᠬᠠᠭᠤᠷᠠᠶ ᠦᠷᠦᠯᠲᠡ ᠶᠢᠨ ᠬᠦᠴᠦ ᠲᠦᠢᠯ ᠤᠨ ᠶᠡᠭᠡ᠂ ᠭᠡᠵᠢᠭᠡ ᠪᠠᠰᠠ ᠨᠡᠯᠢᠶᠡᠳ ᠬᠡᠪᠡᠷᠡᠭ ᠪᠠᠶᠢᠳᠠᠯ ᠳᠤ ᠤᠷᠤᠵᠤ᠂ ᠳᠠᠬᠢᠨ ᠳᠠᠪᠲᠠᠨ ᠰᠠᠮᠨᠠᠪᠠᠯ ᠭᠡᠵᠢᠭᠡ ᠶᠢ ᠭᠡᠮᠲᠦᠭᠡᠨ᠎ᠡ ᠭᠡᠯ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1