ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ᠴᠤᠩᠬᠤᠪᠴᠢ ᠪᠠ ᠰᠠᠭᠤᠷᠢ | ᠪᠦᠲᠦᠭᠡᠨ ᠪᠠᠶᠢᠭᠤᠯᠤᠯᠲᠠ ᠶᠢ ᠪᠠᠲᠤᠳᠬᠠᠨ ᠬᠠᠲᠠᠭᠤ ᠲᠣᠨᠤᠭ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠡᠷᠢᠭᠦᠨ ᠤ | ᠂ᠴᠤᠩᠬᠤᠪᠴᠢ ᠶᠢ ᠪᠣᠶ ᠪᠤᠯᠭᠠᠪᠠ᠃ ᠮᠠᠲ᠋ᠧᠷᠢᠶᠠᠯ ᠢ ᠬᠤᠷᠢᠶᠠᠨ ᠳᠠᠮᠵᠢᠭᠤᠯᠬᠤ ᠪᠢᠴᠢᠭ ᠬᠠᠷ᠎ᠠ ᠶᠢ ᠠᠪᠬᠤ᠂ ᠳᠡᠭᠡᠭᠰᠢ | ᠵᠠᠭᠠᠯᠳᠤᠬᠤ᠂ ᠬᠡᠷᠡᠭ ᠪᠣᠯᠭᠠᠨ ᠳᠠᠩᠰᠠᠯᠠᠬᠤ ᠶᠢ ᠭᠦᠢᠴᠡᠳᠬᠡᠬᠦ᠂ ᠪᠠᠷᠢᠮᠲᠠ ᠪᠢᠴᠢᠬᠦ᠂ ᠰᠦᠢᠳᠬᠡᠯ ᠢ ᠪᠤᠴᠠᠭᠠᠬᠤ ᠵᠡᠷᠭᠡ | ᠴᠣᠩᠬᠤᠪᠴᠢ ᠭᠠᠷᠭᠠᠵᠤ᠂ ᠴᠣᠩᠬᠤᠪᠴᠢ ᠨᠢᠭᠡᠪᠦᠷᠢ ᠳᠤ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠪᠡ᠃ | ᠮᠠᠨ ᠤ ᠬᠤᠷᠢᠶ᠎ᠠ ᠬᠡᠷᠡᠭᠴᠡᠭᠡ ᠶᠢ ᠦᠨᠳᠦᠰᠦᠯᠡᠨ᠂ ︽ᠨᠠᠰᠤᠲᠠᠨ᠂ ᠪᠠᠭᠤᠷᠠᠢ᠂ ᠡᠪᠡᠳᠴᠢᠲᠡᠨ᠂ ᠵᠡᠮᠳᠡᠭ᠂ ᠴᠡᠷᠢᠭ︾ | ᠵᠡᠷᠭᠡ ᠣᠨᠴᠠᠭᠠᠶ ᠬᠠᠮᠲᠤᠯᠢᠭ ᠲᠤ ᠲᠤᠰᠬᠠᠶᠢᠯᠠᠨ ᠪᠣᠬᠢᠷᠳᠤᠯ ᠦᠭᠡᠢ ᠦᠢᠯᠡᠴᠢᠯᠡᠭᠡᠨ ᠤ᠂ᠴᠤᠩᠬᠤᠪᠴᠢ ᠭᠠᠷᠭᠠᠵᠤ᠂ | ᠤᠷᠢᠳ ᠢᠶᠠᠷ ᠰᠢᠢᠳᠪᠦᠷᠢᠯᠡᠨ᠂ ᠲᠦᠷᠭᠡᠨ ᠬᠢᠨᠠᠨ ᠪᠠᠶᠢᠴᠠᠭᠠᠬᠤ᠂ ᠲᠦᠷᠭᠡᠨ ᠳᠠᠩᠰᠠᠯᠠᠬᠤ᠂ ᠲᠦᠷᠭᠡᠨ ᠰᠠᠯᠭᠠᠨ | ᠲᠣᠬᠢᠷᠠᠭᠤᠯᠬᠤ᠂ ᠲᠦᠷᠭᠡᠨ ᠰᠢᠯᠵᠢᠭᠦᠯᠦᠨ ᠬᠦᠷᠭᠡᠬᠦ ᠶᠢ ᠪᠡᠶᠡᠯᠡᠭᠦᠯᠵᠦ᠂ ᠲᠡᠳᠡᠨ ᠤ ᠬᠠᠤᠯᠢ ᠶᠣᠰᠣᠨ ᠤ ᠡᠷᠬᠡ | ᠠᠰᠢᠭ ᠢ ᠦᠨᠡᠨ ᠬᠦ ᠬᠠᠮᠠᠭᠠᠯᠠᠪᠠ᠃ ᠨᠢᠭᠡ ᠯᠡ ᠤᠳᠠᠭ᠎ᠠ ᠶᠢᠨ ᠴᠢᠨᠠᠷᠲᠠᠢ ᠮᠡᠳᠡᠭᠳᠡᠬᠦ ᠪᠢᠴᠢᠭ ᠪᠠ ᠨᠥᠬᠦᠪᠦᠷᠢᠯᠡᠬᠦ | ᠮᠠᠲ᠋ᠧᠷᠢᠶᠠᠯ ᠤᠨ ᠮᠡᠳᠡᠭᠳᠡᠯ ᠤᠨ ᠪᠢᠴᠢᠭ ᠤᠨ ᠬᠡᠯᠪᠡᠷᠢ ᠪᠠᠷ ᠲᠤᠬᠠᠢ ᠶᠢᠨ ᠬᠥᠮᠥᠨ ᠢ ︽ᠨᠢᠭᠡ ᠯᠡ ᠤᠳᠠᠭ᠎ᠠ | ᠭᠦᠶᠦᠯᠭᠡᠬᠦ︾ ᠶᠢ ᠦᠨᠡᠨ ᠬᠦ ᠪᠡᠶᠡᠯᠡᠭᠦᠯᠵᠦ᠂ ᠨᠢᠭᠡ ᠯᠡ ᠤᠳᠠᠭ᠎ᠠ ᠳᠤ ᠲᠡᠭᠦᠨ ᠤ ᠵᠠᠷᠭᠤ ᠶᠢᠨ ᠮᠠᠳᠠᠭ ᠲᠠᠢ | ᠠᠰᠠᠭᠤᠳᠠᠯ ᠪᠠ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠵᠦ᠂ ᠲᠤᠬᠠᠢ ᠶᠢᠨ ᠬᠥᠮᠥᠨ ᠤ ᠵᠠᠷᠭᠤ ᠬᠢᠬᠦ ᠦᠶ᠎ᠡ ᠳᠤ | ᠮᠠᠲ᠋ᠧᠷᠢᠶᠠᠯ ᠢ ᠬᠡᠷᠬᠢᠨ ᠪᠡᠯᠡᠳᠬᠡᠬᠦ ᠪᠠᠨ ᠮᠡᠳᠡᠬᠦ ᠦᠭᠡᠢ ᠪᠠᠶᠢᠬᠤ ᠬᠦᠴᠢᠷᠳᠡᠯ ᠲᠠᠢ ᠭᠠᠵᠠᠷ᠂ ᠬᠦᠴᠢᠷᠳᠡᠯ ᠲᠠᠢ | ᠠᠰᠠᠭᠤᠳᠠᠯ ᠢ ᠰᠢᠢᠳᠪᠦᠷᠢᠯᠡᠨ᠎ᠡ᠃ ᠡᠨᠡ ᠵᠢᠯ ᠤᠨ 7 ᠰᠠᠷ᠎ᠠ ᠶᠢᠨ ᠡᠴᠦᠰ ᠪᠣᠯᠲᠠᠯ᠎ᠠ ᠨᠡᠶᠢᠳᠡ 1359 ᠢᠷᠭᠡᠨ ᠤ ᠪᠠ | ᠬᠤᠳᠠᠯᠳᠤᠭᠠᠨ ᠤ ᠶᠠᠪᠤᠳᠠᠯ ᠤᠨ ᠬᠡᠷᠡᠭ᠂ 1183 ᠭᠦᠢᠴᠡᠳᠬᠡᠬᠦ ᠬᠡᠷᠡᠭ ᠢ ᠭᠥᠯᠢᠶᠡᠨ ᠠᠪᠤᠪᠠ᠃ | ᠵᠠᠷᠭᠤ ᠶᠢᠨ ᠦᠢᠯᠡᠴᠢᠯᠡᠭᠡ ᠡᠭᠦᠳᠡ ᠪᠠᠨ ᠬᠠᠭᠠᠬᠤ ᠦᠭᠡᠢ ᠪᠠᠶᠢᠵᠤ᠂ ᠰᠦᠯᠵᠢᠶᠡᠨ ᠳᠡᠭᠡᠷ᠎ᠡ ᠬᠡᠷᠡᠭ ᠪᠣᠯᠭᠠᠨ | ᠳᠠᠩᠰᠠᠯᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠡᠷᠡᠭ ᠪᠣᠯᠭᠠᠨ ᠳᠠᠩᠰᠠᠯᠠᠬᠤ ᠠᠵᠢᠯ ᠤᠨ ᠳᠤᠮᠳᠠ | ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠬᠡᠷᠡᠭ ᠪᠣᠯᠭᠠᠨ ᠳᠠᠩᠰᠠᠯᠠᠬᠤ ᠴᠢᠨᠠᠷ ᠴᠢᠨᠰᠠᠭ᠎ᠠ ᠪᠠ ᠦᠷ᠎ᠡ | ᠪᠦᠲᠦᠮᠵᠢ ᠶᠢ ᠦᠨᠡᠨ ᠬᠦ ᠪᠦᠲᠦᠮᠵᠢᠲᠡᠶ ᠪᠠᠷ ᠳᠡᠭᠡᠭᠰᠢᠯᠡᠭᠦᠯᠵᠦ᠂ ᠲᠤᠬᠠᠢ ᠶᠢᠨ ᠬᠥᠮᠥᠨᠦ ᠬᠠᠤᠯᠢ ᠶᠣᠰᠣᠨ ᠤ ᠡᠷᠬᠡ | ᠠᠰᠢᠭ ᠢ ᠰᠠᠶᠢᠲᠤᠷ ᠬᠠᠮᠠᠭᠠᠯᠠᠵᠤ᠂ ᠰᠠᠶᠢᠲᠤᠷ ᠪᠡᠶᠡᠯᠡᠭᠦᠯᠦᠨ᠎ᠡ᠃ ᠡᠭᠦᠨ ᠤ ᠵᠡᠷᠭᠡᠴᠡᠭᠡᠪᠡᠷ ᠮᠡᠳᠡᠭᠡ ᠵᠠᠩᠭᠢᠵᠢᠭᠤᠯᠬᠤ | ᠪᠠ ᠵᠢᠷᠤᠮᠵᠢᠭᠤᠯᠬᠤ ᠦᠨᠳᠦᠰᠦᠨ ᠰᠡᠳᠬᠢᠴᠡ ᠶᠢ ᠪᠠᠷᠢᠮᠲᠠᠯᠠᠨ᠂ ᠬᠡᠷᠡᠭ ᠪᠣᠯᠭᠠᠨ ᠳᠠᠩᠰᠠᠯᠠᠬᠤ ᠠᠵᠢᠯ ᠤᠨ ᠠᠷᠭ᠎ᠠ | ᠮᠠᠶ᠋ᠢᠭ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠢᠨ᠎ᠡ ᠶᠢ ᠡᠭᠦᠳᠴᠦ᠂ ᠰᠦᠯᠵᠢᠶᠡᠨ ᠳᠡᠭᠡᠷ᠎ᠡ ᠬᠡᠷᠡᠭ ᠪᠣᠯᠭᠠᠨ | ᠳᠠᠩᠰᠠᠯᠠᠬᠤ ᠶᠢ ᠲᠤᠰ ᠬᠤᠷᠢᠶᠠᠨ ᠤ ᠪᠠᠨ ᠬᠡᠷᠡᠭ ᠪᠣᠯᠭᠠᠨ ᠳᠠᠩᠰᠠᠯᠠᠬᠤ ᠶᠠᠪᠤᠴᠠ ᠳᠤ ᠦᠨᠡᠨ ᠬᠦ ᠣᠷᠣᠭᠤᠯᠵᠤ᠂ | ᠳᠡᠭᠡᠳᠦ ᠱᠠᠲᠤᠨ ᠤ ᠰᠢᠭᠦᠬᠦ ᠬᠤᠷᠢᠶᠠᠨ ᠤ ᠨᠢᠭᠡᠳᠦᠯᠲᠡᠢ ᠱᠠᠭᠠᠷᠳᠠᠯᠭ᠎ᠠ ᠶᠢ ᠦᠨᠳᠦᠰᠦᠯᠡᠨ᠂ ᠬᠡᠷᠡᠭ ᠢ ᠡᠮᠬᠢ | ᠵᠢᠷᠤᠮ ᠲᠠᠢ ᠪᠠᠷ ᠬᠢᠨᠠᠨ ᠬᠠᠷᠭᠤᠭᠤᠯᠵᠤ᠂ ᠡᠨᠡ ᠵᠢᠯ ᠤᠨ 7 ᠰᠠᠷ᠎ᠠ ᠶᠢᠨ ᠡᠴᠦᠰ ᠪᠣᠯᠲᠠᠯ᠎ᠠ ᠰᠦᠯᠵᠢᠶᠡᠨ ᠳᠡᠭᠡᠷ᠎ᠡ | ᠬᠡᠷᠡᠭ ᠪᠣᠯᠭᠠᠨ ᠳᠠᠩᠰᠠᠯᠠᠭᠰᠠᠨ ᠨᠡᠶᠢᠳᠡ 395 ᠬᠡᠷᠡᠭ ᠢ ᠬᠢᠨᠠᠨ ᠬᠠᠷᠭᠤᠭᠤᠯᠵᠤ ᠳᠠᠭᠤᠰᠬᠠᠪᠠ᠃ ᠸᠢᠴᠠᠲ ᠤᠨ | ᠵᠢᠵᠢᠭ ᠫᠷᠣᠭ᠍ᠷᠠᠮ ᠤᠨ ︽ᠠᠷᠠᠳ ᠤᠨ ᠰᠢᠭᠦᠬᠦ ᠬᠤᠷᠢᠶ᠎ᠠ ᠶᠢᠨ ᠰᠦᠯᠵᠢᠶᠡᠨ ᠳᠡᠭᠡᠷᠡᠬᠢ ᠦᠢᠯᠡᠴᠢᠯᠡᠭᠡ︾᠂ | ᠬᠠᠤᠯᠢᠴᠢ ᠶᠢᠨ ᠦᠢᠯᠡᠴᠢᠯᠡᠭᠡᠨ ᠤ ᠲᠠᠪᠴᠠᠩ ᠪᠠ ᠬᠥᠬᠡᠬᠤᠲᠠ ᠶᠢᠨ ᠰᠢᠭᠦᠬᠦ ᠬᠤᠷᠢᠶ᠎ᠠ ᠶᠢᠨ ᠵᠠᠷᠭᠤ ᠶᠢᠨ | ᠦᠢᠯᠡᠴᠢᠯᠡᠭᠡᠨ ᠤ ᠰᠦᠯᠵᠢᠶ᠎ᠡ ᠳᠤ ᠲᠦᠰᠢᠭᠯᠡᠨ ᠰᠦᠯᠵᠢᠶᠡᠨ ᠳᠡᠭᠡᠷ᠎ᠡ ᠬᠡᠷᠡᠭ ᠪᠣᠯᠭᠠᠨ ᠳᠡᠩᠰᠡᠯᠡᠪᠡ᠃ | ︽ᠡᠭᠦᠯᠡ︾ ᠵᠠᠭᠪᠤᠷ ᠢ ᠨᠡᠭᠡᠭᠡᠵᠦ᠂ 24 ᠴᠠᠭ ᠤᠨ ᠥᠪᠡᠷᠲᠡᠭᠡᠨ ᠦᠢᠯᠡᠴᠢᠯᠡᠬᠦ ᠵᠠᠷᠭᠤ ᠶᠢᠨ | ᠦᠢᠯᠡᠴᠢᠯᠡᠭᠡᠨ ᠤ ᠦᠷᠳᠡᠭᠡ ᠶᠢ ᠪᠠᠶᠢᠭᠤᠯᠵᠤ᠂ ᠲᠤᠰ ᠵᠢᠯ ᠤᠨ 24 ᠴᠠᠭ ᠤᠨ ᠥᠪᠡᠷᠲᠡᠭᠡᠨ ᠦᠢᠯᠡᠴᠢᠯᠡᠬᠦ | ᠵᠠᠷᠭᠤ ᠶᠢᠨ ᠦᠢᠯᠡᠴᠢᠯᠡᠭᠡᠨ ᠤ ᠦᠷᠳᠡᠭᠡ ᠶᠢ ᠰᠦᠯᠵᠢᠶᠡᠨ ᠳᠤ ᠬᠤᠯᠪᠣᠵᠤ᠂ ᠤᠯᠠᠨ ᠲᠦᠮᠡᠨ ᠪᠠᠩᠬᠢ ᠳᠤ ATM | ᠮᠠᠰᠢᠨ ᠢ ᠠᠵᠢᠯᠯᠠᠭᠤᠯᠬᠤ ᠲᠠᠢ ᠠᠳᠠᠯᠢ ᠪᠠᠷ ᠪᠦᠬᠦ ᠴᠠᠭ ᠤᠨ᠂ ᠣᠶᠤᠨᠴᠢᠯᠠᠭᠰᠠᠨ᠂ 24 ᠴᠠᠭᠤᠨ ᠳᠣᠲᠣᠷ᠎ᠠ | ᠡᠭᠦᠳᠡ ᠪᠠᠨ ᠬᠠᠭᠠᠬᠤ ᠦᠭᠡᠢ ᠵᠠᠷᠭᠤ ᠶᠢᠨ ᠦᠢᠯᠡᠴᠢᠯᠡᠭᠡ ᠶᠢ ᠪᠡᠶᠡᠯᠡᠭᠦᠯᠵᠦ ᠪᠣᠯᠣᠨ᠎ᠠ᠃ ᠥᠪᠡᠰᠦᠪᠡᠨ ᠦᠢᠯᠡᠴᠢᠯᠡᠬᠦ | ᠵᠠᠷᠭᠤ ᠶᠢᠨ ᠦᠢᠯᠡᠴᠢᠯᠡᠭᠡᠨ ᠤ ᠨᠢᠭᠡ ᠴᠣᠭᠴᠠᠲᠤ ᠮᠠᠰᠢᠨ ᠳᠡᠭᠡᠷ᠎ᠡ᠂ ᠬᠡᠷᠡᠭ ᠪᠣᠯᠭᠠᠨ ᠳᠠᠩᠰᠠᠯᠠᠬᠤ ᠭᠤᠶᠤᠴᠢᠯᠠᠯ ᠢ | ᠲᠤᠰᠢᠶᠠᠵᠤ᠂ ᠵᠠᠷᠭᠤ ᠶᠢᠨ ᠮᠠᠲ᠋ᠧᠷᠢᠶᠠᠯ ᠢ ᠳᠡᠭᠡᠭᠰᠢ ᠳᠠᠮᠵᠢᠭᠤᠯᠵᠤ ᠪᠣᠯᠣᠨ᠎ᠠ᠂ ᠪᠠᠰᠠ ᠥᠪᠡᠰᠦᠪᠡᠨ ᠦᠢᠯᠡᠴᠢᠯᠡᠬᠦ | ᠬᠡᠷᠡᠭ ᠢ ᠪᠠᠶᠢᠴᠠᠭᠠᠨ ᠯᠠᠪᠯᠠᠬᠤ᠂ ᠥᠪᠡᠰᠦᠪᠡᠨ ᠦᠢᠯᠡᠴᠢᠯᠡᠬᠦ ᠵᠢᠷᠤᠮ ᠤᠨ ᠴᠢᠨᠠᠷᠲᠠᠢ ᠬᠠᠤᠯᠢ ᠴᠠᠭᠠᠵᠠ ᠶᠢᠨ ᠪᠢᠴᠢᠭ | ᠬᠠᠷ᠎ᠠ ᠶᠢ ᠳᠠᠷᠤᠮᠠᠯᠯᠠᠬᠤ ᠪᠠ ᠠᠪᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠰᠦᠯᠵᠢᠶᠡᠨ ᠳᠡᠭᠡᠷ᠎ᠡ | ᠡᠶᠡᠳᠡᠭᠦᠯᠬᠦ ᠪᠠᠷ ᠭᠤᠶᠤᠴᠢᠯᠠᠬᠤ ᠵᠡᠷᠭᠡ ᠴᠢᠳᠠᠮᠵᠢ ᠶᠢ ᠪᠡᠶᠡᠯᠡᠭᠦᠯᠵᠦ᠂ ᠵᠠᠷᠭᠤ ᠶᠢᠨ ᠬᠡᠷᠡᠭ ᠶᠠᠪᠤᠳᠠᠯ ᠢ ︽ᠨᠢᠭᠡ ᠯᠡ | ᠥᠷᠲᠡᠭᠡᠨ ᠤ ᠬᠡᠯᠪᠡᠷᠢ ᠪᠠᠷ᠂ ᠴᠠᠭ ᠲᠤᠬᠠᠢ ᠳᠤᠨᠢ ᠰᠢᠢᠳᠪᠦᠷᠢᠯᠡᠬᠦ᠂ ᠥᠪᠡᠰᠦᠪᠡᠨ ᠰᠢᠢᠳᠪᠦᠷᠢᠯᠡᠬᠦ︾ ᠶᠢ | ᠪᠡᠶᠡᠯᠡᠭᠦᠯᠵᠦ ᠪᠣᠯᠣᠨ᠎ᠠ᠃ | | |