8 ᠰᠠᠷ᠎ᠠ ᠶᠢᠨ 26 ᠤ ᠡᠳᠦᠷ᠂ ᠲᠤᠭᠳᠠᠬᠤ ᠂ ᠴᠢᠩ ᠱᠦᠢ ᠾᠧ ᠠᠵᠤ ᠠᠬᠤᠢ ᠶᠢᠨ ᠨᠡᠭᠡᠭᠡᠨ | ᠬᠥᠭᠵᠢᠭᠦᠯᠦᠯᠲᠡ ᠶᠢᠨ ᠲᠣᠭᠤᠷᠢᠭ ᠪᠣᠯᠣᠨ ᠰᠢᠩ ᠶᠧ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠰᠢᠶᠠᠨ ᠳᠤ ᠶᠣᠰᠣᠯᠠᠯ ᠶᠠᠪᠤᠭᠤᠯᠵᠠᠢ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠵᠠᠢ᠃ ᠲᠡᠷᠡ᠂ ᠮᠠᠨ ᠤ ᠰᠢᠶᠠᠨ ᠤ ᠬᠢᠨ ᠮᠥᠩᠭᠦᠨ ᠭᠦᠢᠯᠭᠡᠭᠡᠨ ᠤ ᠪᠠᠶᠢᠭᠤᠯᠤᠮᠵᠢᠶᠢᠨ | ᠪᠣᠳᠠᠲᠤ ᠴᠣᠭᠴᠠ ᠶᠢᠨ ᠠᠵᠤ ᠠᠬᠤᠢ ᠳᠤ ᠦᠵᠡᠭᠦᠯᠬᠦ ᠦᠢᠯᠡᠴᠢᠯᠡᠭᠡ ᠪᠠᠲᠤᠯᠠᠭ᠎ᠠ ᠶᠢᠨ ᠦᠢᠯᠡᠳᠦᠯ ᠢ ᠲᠤᠶᠢᠯ ᠢᠶᠠᠷ | ᠴᠢᠬᠤᠯᠠᠴᠢᠯᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ ᠳᠤ ᠢᠳᠡᠪᠬᠢᠲᠡᠢ ᠪᠠᠷ ᠬᠥᠭᠦᠷᠭᠡ | ᠬᠤᠯᠪᠣᠭᠠᠰᠤ ᠪᠣᠯᠵᠤ᠂ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠢ ᠲᠠᠰᠤᠷᠠᠯᠲᠠ ᠦᠭᠡᠢ | ᠰᠢᠯᠢᠳᠡᠭᠵᠢᠭᠦᠯᠦᠭᠰᠡᠭᠡᠷ ᠢᠷᠡᠪᠡ᠃ ᠰᠢᠩ ᠶᠧ ᠪᠠᠩᠬᠢ ᠨᠢ ᠲᠤᠶᠢᠯ ᠤᠨ ᠥᠨᠳᠥᠷ ᠦᠷ᠎ᠡ ᠪᠦᠲᠦᠮᠵᠢᠲ᠋ᠡᠶ ᠠᠵᠢᠯ ᠤᠨ | ᠦᠷ᠎ᠡ ᠪᠦᠲᠦᠮᠵᠢ ᠪᠠ ᠲᠤᠶᠢᠯ ᠤᠨ ᠬᠤᠷᠴᠠ ᠰᠡᠷᠭᠡᠭ ᠵᠠᠬ᠎ᠠ ᠳᠡᠯᠭᠡᠭᠦᠷ ᠤᠨ ᠠᠵᠢᠭᠯᠠᠬᠤ ᠴᠢᠳᠠᠪᠤᠷᠢ ᠲᠠᠢ ᠪᠠᠶᠢᠵᠤ᠂ | ᠣᠨᠴᠠᠭᠠᠶᠢᠯᠠᠨ ︽ᠬᠦᠷᠢᠶᠡᠯᠡᠩ ᠲᠣᠭᠤᠷᠢᠭ ᠤᠨ ᠮᠥᠩᠭᠦᠨ ᠭᠦᠢᠯᠭᠡᠭᠡ︾ ᠶᠢ ᠰᠢᠩ ᠶᠧ ᠪᠠᠩᠬᠢ ᠶᠢᠨ ᠲᠠᠪᠤᠨ ᠶᠡᠭᠡ | ᠮᠥᠩᠭᠦᠨ ᠭᠦᠢᠯᠭᠡᠭᠡᠨ ᠤ ᠨᠢᠭᠡ ᠪᠠᠷ ᠵᠢᠭᠰᠠᠭᠠᠵᠤ᠂ ᠠᠵᠤ ᠠᠬᠤᠢ ᠶᠢᠨ ᠶᠡᠭᠡ ᠪᠠᠶᠢᠳᠠᠯ ᠳᠤ ᠪᠦᠬᠦ ᠲᠠᠯ᠎ᠠ ᠪᠠᠷ | ᠦᠢᠯᠡᠴᠢᠯᠡᠵᠦ ᠲᠣᠭᠲᠠᠭᠤᠨ ᠪᠠᠶᠢᠯᠭᠠᠬᠤ ᠴᠢᠬᠤᠯᠠ ᠠᠵᠢᠯ ᠤᠨ ᠠᠷᠭ᠎ᠠ ᠬᠡᠮᠵᠢᠶ᠎ᠡ ᠪᠠᠶᠢᠵᠤ᠂ ᠣᠷᠣᠨ ᠨᠤᠲᠤᠭ ᠤᠨ | ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ᠋ᠢ ᠬᠦᠴᠦᠲᠡᠢ ᠠᠬᠢᠭᠤᠯᠬᠤ ᠪᠣᠯᠣᠨ᠎ᠠ᠃ ᠬᠤᠶᠠᠷ | ᠲᠠᠯ᠎ᠠ ᠪᠠᠷ ᠢᠶᠠᠨ ᠲᠤᠰ ᠤᠳᠠᠭ᠎ᠠ ᠶᠢᠨ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠭᠤᠣᠯᠳᠠᠯᠭ᠎ᠠ ᠲᠠᠢ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠣᠯᠴᠠᠭ᠎ᠠ ᠰᠣᠯᠢᠯᠴᠠᠭ᠎ᠠ | ᠪᠣᠯᠣᠨ ᠠᠵᠢᠯ ᠤᠨ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠬᠠᠮᠲᠤᠷᠠᠯᠴᠠᠭᠠᠨ ᠤ ᠢᠲᠡᠭᠡᠯ ᠢᠶᠠᠨ ᠨᠡᠮᠡᠭᠳᠡᠭᠦᠯᠵᠦ᠂ ᠬᠠᠮᠲᠤᠷᠠᠯᠴᠠᠭᠠᠨ ᠤ ᠬᠦᠷᠢᠶ᠎ᠡ ᠪᠠᠨ | ᠥᠷᠭᠡᠳᠬᠡᠵᠦ᠂ ᠬᠠᠮᠲᠤᠷᠠᠯᠴᠠᠭᠠᠨ ᠤ ᠲᠡᠰ ᠳᠠᠪᠬᠤᠷᠭ᠎ᠠ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ | ᠲᠦᠪᠰᠢᠨ ᠢᠶᠠᠨ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠬᠤᠳᠠᠯᠳᠤᠭᠠᠨ ᠤ ᠠᠵᠠ ᠲᠣᠬᠢᠶᠠᠯ ᠢ | ᠬᠠᠮᠲᠤᠪᠠᠷ ᠡᠳ᠋ᠯᠡᠵᠦ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢᠨ ᠰᠠᠶᠢᠬᠠᠨ | ᠳᠠᠭᠤᠷᠢᠰᠬᠠᠯ ᠢ ᠬᠠᠮᠲᠤᠪᠠᠷ ᠶᠠᠷᠢᠯᠴᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢᠩ ᠶᠧ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠶᠢᠨ ᠬᠠᠷᠢᠭᠤᠴᠠᠯᠭᠠᠲᠠᠨ ᠲᠠᠩ ᠷᠦᠢ | ᠲᠤᠭᠳᠠᠬᠤ ᠴᠢᠩ ᠱᠦᠢ ᠾᠧ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠳᠠᠪᠠᠭᠤᠯᠢᠭ ᠡᠵᠡᠩᠨᠡᠯᠲᠡ ᠶᠢᠨ | ᠣᠷᠴᠢᠨ ᠲᠣᠭᠤᠷᠢᠨ ᠪᠠ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠨᠤᠲᠠᠯᠠᠵᠤ ᠪᠠᠶᠢᠬᠤ ᠪᠠᠨ | ᠢᠯᠡᠳᠬᠡᠵᠦ᠂ ᠲᠡᠷᠡ ᠢᠯᠡᠷᠬᠡᠶᠢᠯᠡᠬᠦ ᠳᠡᠭᠡᠨ᠂ ᠰᠢᠩ ᠶᠧ ᠪᠠᠩᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠠᠷᠢᠭᠤᠴᠠᠯᠭ᠎ᠠ ᠡᠭᠦᠷᠭᠡᠯᠡᠬᠦ ᠪᠠ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠪᠠᠷ ᠣᠷᠣᠯᠴᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠵᠦᠢᠯᠡᠰ ᠲᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠠᠵᠤ ᠦᠢᠯᠡᠰ ᠤᠨ | ᠬᠥᠭᠵᠢᠯᠲᠡ ᠳᠤ ᠭᠠᠷ ᠬᠤᠯᠪᠣᠨ ᠦᠢᠯᠡᠴᠢᠯᠡᠨ᠎ᠡ ᠭᠡᠵᠡᠢ᠃ | ᠬᠤᠷᠠᠯ ᠳᠡᠭᠡᠷ᠎ᠡ᠂ ᠲᠤᠭᠳᠠᠬᠤ ᠴᠢᠩ ᠱᠦᠢ ᠾᠧ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠬᠤ ᠬᠤᠩ ᠨᠡᠭᠡᠭᠡᠯᠲᠡ ᠶᠢᠨ ᠲᠣᠭᠤᠷᠢᠭ ᠤᠨ ᠦᠨᠳᠦᠰᠦᠨ | ᠪᠠᠶᠢᠳᠠᠯ ᠢ ᠲᠠᠨᠢᠯᠴᠠᠭᠤᠯᠪᠠ᠃ ᠰᠢᠩ ᠶᠧ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠶᠢᠨ | ᠪᠦᠲᠦᠭᠡᠭᠳᠡᠬᠦᠨ ᠤ ᠰᠠᠯᠠᠭ᠎ᠠ ᠮᠥᠴᠢᠷ ᠠᠴᠠ ᠨᠡᠭᠡᠭᠡᠨ ᠬᠥᠭᠵᠢᠭᠦᠯᠬᠦ ᠣᠷᠣᠨ ᠤ ᠮᠥᠩᠭᠦᠨ ᠭᠦᠢᠯᠭᠡᠭᠡ ᠵᠢᠴᠢ ᠣᠶᠤᠨᠲᠤ | ᠬᠦᠷᠢᠶᠡᠯᠡᠩ ᠲᠣᠭᠤᠷᠢᠭ ᠲᠤ ᠴᠢᠭᠯᠡᠭᠦᠯᠦᠨ ᠪᠦᠲᠦᠭᠡᠭᠳᠡᠬᠦᠨ ᠤ ᠲᠠᠨᠢᠯᠴᠠᠭᠤᠯᠭ᠎ᠠ ᠬᠢᠪᠡ︔ ᠬᠤᠶᠠᠷ ᠲᠠᠯ᠎ᠠ ᠪᠠᠷ ᠢᠶᠠᠨ | ︽ᠥᠪᠥᠷ ᠮᠣᠩᠭᠤᠯ ᠤᠨ ᠬᠥᠬᠡᠬᠤᠲᠠ ᠶᠢᠨ ᠲᠤᠭᠳᠠᠬᠤ ᠴᠢᠩ ᠱᠦᠢ ᠾᠧ ᠠᠵᠤ ᠠᠬᠤᠢ ᠶᠢᠨ ᠨᠡᠭᠡᠭᠡᠨ | ᠬᠥᠭᠵᠢᠭᠦᠯᠦᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠣᠯᠣᠨ ᠰᠢᠩ ᠶᠧ ᠪᠠᠩᠬᠢ ᠶᠢᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠶᠢᠨ ᠪᠦᠬᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠲᠣᠭᠲᠠᠵᠤ᠂ ᠬᠤᠷᠠᠯ ᠳᠤ ᠣᠷᠣᠯᠴᠠᠭᠰᠠᠳ | ᠬᠠᠮᠲᠤᠪᠠᠷ ᠭᠡᠷ᠎ᠡ ᠲᠣᠭᠲᠠᠬᠤ ᠳᠤ ᠣᠷᠣᠯᠴᠠᠪᠠ᠃ |