ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠲᠠᠢ ᠬᠠᠮᠲᠤᠷᠠᠨ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/8/28
     ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠭᠤᠶᠣᠯᠠᠯ ᠤᠨ ᠡᠳ᠋ ᠤᠨ ᠶᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠵᠢᠭᠰᠠᠭᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠶᠢᠷ᠎ᠠ ᠳᠤ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠪᠥᠬᠦ ᠰᠢᠶᠠᠨ‌‍ᠤ ᠬᠡᠪᠴᠢᠶᠡᠨ ᠳᠤ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠤᠨ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠬᠠᠮᠢᠶ᠎ᠠ ᠪᠦᠬᠦᠢ ᠬᠦᠷᠢᠶᠡᠨ ᠤ ᠡᠵᠡᠩᠨᠡᠯᠲᠡ ᠶᠢᠨ ᠡᠮᠬᠢ ᠵᠢᠷᠤᠮ ᠪᠠ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨ ᠬᠦ ᠪᠠᠲᠤᠯᠠᠪᠠ᠃      ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠨᠢ ᠬᠠᠷᠢᠶᠠᠲᠤ ᠣᠷᠣᠨ ᠤ ᠳᠣᠲᠣᠷᠠᠬᠢ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ︵ᠡᠮᠴᠢᠯᠡᠭᠡᠨ ᠤ ᠪᠠᠭᠠᠵᠢ ᠬᠡᠷᠡᠭᠰᠡᠯ ᠢ ᠬᠠᠪᠰᠤᠷᠭᠠᠨ ᠡᠵᠡᠩᠨᠡᠬᠦ ᠠᠵᠤ ᠠᠬᠤᠶᠢᠯᠠᠯ︶᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠪᠠᠶᠢᠳᠠᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠨ᠎ᠡ᠃ ᠭᠤᠣᠯᠳᠠᠭᠤ ᠬᠠᠭᠤᠷᠮᠠᠭ ᠮᠠᠭᠤ ᠡᠮ ᠤᠨ ᠵᠦᠢᠯ ᠢ ᠦᠢᠯᠡᠳᠴᠦ ᠪᠣᠷᠣᠯᠠᠭᠤᠯᠬᠤ ᠶᠠᠪᠤᠳᠠᠯ ᠣᠷᠣᠰᠢᠵᠤ ᠪᠠᠶᠢᠬᠤ ᠡᠰᠡᠬᠦ ᠪᠠᠷ ᠭᠤᠣᠯᠳᠠᠯᠭ᠎ᠠ ᠪᠣᠯᠭᠠᠵᠤ᠂ ᠦᠨᠡᠮᠯᠡᠯ ᠦᠭᠡᠢ ᠪᠠᠷ ᠡᠮ ᠤᠨ ᠵᠦᠢᠯ ᠢ ᠡᠵᠡᠩᠨᠡᠵᠦ᠂ ᠬᠠᠤᠯᠢ ᠪᠤᠰᠤ ᠠᠷᠭ᠎ᠠ ᠵᠠᠮ ᠢᠶᠠᠷ ᠡᠮ ᠤᠨ ᠵᠦᠢᠯ ᠢ ᠬᠤᠳᠠᠯᠳᠤᠨ ᠣᠷᠣᠭᠤᠯᠤᠭᠰᠠᠨ ᠪᠤᠶᠤ ᠡᠮ ᠤᠨ ᠵᠦᠢᠯ ᠤᠨ ᠬᠤᠯᠪᠣᠭᠳᠠᠯ ᠪᠦᠬᠦᠢ ᠵᠥᠪᠰᠢᠶᠡᠷᠡᠯ ᠤᠨ ᠭᠡᠷᠡᠴᠢ ᠪᠢᠴᠢᠭ ᠮᠠᠲ᠋ᠧᠷᠢᠶᠠᠯ ᠣᠯᠣᠭᠰᠠᠨ ᠦᠭᠡᠢ ᠭᠠᠳᠠᠭᠠᠳᠤ ᠠᠴᠠ ᠣᠷᠣᠭᠤᠯᠤᠭᠰᠠᠨ ᠡᠮ ᠤᠨ ᠵᠦᠢᠯ ᠢ ᠪᠣᠷᠣᠯᠠᠭᠤᠯᠤᠭᠰᠠᠨ ᠵᠡᠷᠭᠡ ᠦᠢᠯᠡ ᠠᠵᠢᠯᠯᠠᠭ᠎ᠠ ᠵᠢᠴᠢ ᠡᠮᠨᠡᠯᠭᠡ ᠳᠤ ᠬᠡᠷᠡᠭᠯᠡᠬᠦ ᠬᠠᠮᠠᠭᠠᠯᠠᠯᠲᠠ ᠶᠢᠨ ᠠᠮᠠᠪᠴᠢ ᠶᠢ ᠬᠠᠤᠯᠢ ᠶᠣᠰᠣᠨ ᠤ ᠠᠷᠭ᠎ᠠ ᠵᠠᠮ ᠢᠶᠠᠷ ᠬᠤᠳᠠᠯᠳᠤᠨ ᠣᠷᠣᠭᠤᠯᠤᠭᠰᠠᠨ ᠡᠰᠡᠬᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠪᠠᠶᠢᠭᠤᠯᠤᠨ ᠬᠡᠷᠡᠭᠵᠢᠭᠦᠯᠦᠭᠰᠡᠨ ᠡᠰᠡᠬᠦ᠂ ᠦᠢᠯᠡᠳᠬᠦᠨ ᠤ ᠲᠣᠳᠣᠷᠬᠠᠶᠢᠯᠠᠯᠲᠠ ᠶᠢᠨ ᠪᠢᠴᠢᠭ ᠪᠤᠶᠤ ᠱᠣᠰᠢᠭ᠎ᠠ ᠲᠡᠮᠳᠡᠭ ᠤᠨ ᠱᠠᠭᠠᠷᠳᠠᠯᠭ᠎ᠠ ᠶᠣᠰᠣᠭᠠᠷ ᠵᠥᠭᠡᠭᠡᠪᠦᠷᠢᠯᠡᠭᠰᠡᠨ ᠪᠤᠶᠤ ᠬᠠᠳᠠᠭᠠᠯᠠᠭᠰᠠᠨ ᠡᠰᠡᠬᠦ᠂ ᠳᠠᠩᠰᠠᠯᠠᠭᠤᠯᠤᠭᠰᠠᠨ ᠦᠭᠡᠢ᠂ ᠬᠢᠷᠢ ᠲᠡᠩᠴᠡᠭᠰᠡᠨ ᠭᠡᠷᠡᠴᠢ ᠪᠢᠴᠢᠭ ᠮᠠᠲ᠋ᠧᠷᠢᠶᠠᠯ ᠦᠭᠡᠢ᠂ ᠬᠤᠭᠤᠴᠠᠭ᠎ᠠ ᠥᠩᠭᠡᠷᠡᠭᠰᠡᠨ᠂ ᠬᠦᠴᠦᠨ ᠦᠭᠡᠢ ᠪᠣᠯᠤᠭᠰᠠᠨ᠂ ᠵᠠᠭᠠᠵᠠᠯᠠᠭᠳᠠᠭᠰᠠᠨ ᠡᠮᠴᠢᠯᠡᠭᠡᠨ ᠤ ᠪᠠᠭᠠᠵᠢ ᠬᠡᠷᠡᠭᠰᠡᠯ ᠢ ᠬᠤᠳᠠᠯᠳᠤᠨ ᠣᠷᠣᠭᠤᠯᠤᠭᠰᠠᠨ ᠪᠤᠶᠤ ᠬᠡᠷᠡᠭᠯᠡᠭᠰᠡᠨ ᠦᠢᠯᠡ ᠠᠵᠢᠯᠯᠠᠭ᠎ᠠ ᠪᠠᠶᠢᠬᠤ ᠡᠰᠡᠬᠦ ᠵᠡᠷᠭᠡ ᠭᠤᠣᠯ ᠪᠣᠯᠬᠤ ᠪᠠᠶᠢᠴᠠᠭᠠᠬᠤ ᠵᠦᠢᠯᠡᠰ ᠲᠤ ᠪᠦᠬᠦ ᠲᠠᠯ᠎ᠠ ᠪᠠᠷ ᠨᠠᠷᠢᠨ ᠨᠢᠭᠲᠠ ᠪᠠᠶᠢᠴᠠᠭᠠᠯᠲᠠ ᠬᠢᠭᠰᠡᠨ ᠪᠠᠶᠢᠨ᠎ᠠ᠃      ᠳᠠᠷᠠᠭ᠎ᠠ ᠠᠯᠬᠤᠮ ᠳᠤ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠳᠣᠲᠣᠭᠠᠳᠤ‌‍ᠶᠢ ᠬᠠᠮᠠᠭᠠᠯᠠᠬᠤ᠂ ᠡᠮ ᠡᠮᠨᠡᠯᠭᠡ ᠶᠢᠨ ᠳᠠᠭᠠᠳᠬᠠᠯ ᠵᠡᠷᠭᠡ ᠰᠠᠯᠠᠭ᠎ᠠ ᠮᠥᠴᠢᠷ ᠲᠠᠢ ᠬᠤᠯᠪᠤᠭᠠᠯᠠᠨ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠡᠮ ᠤᠨ ᠳᠡᠯᠭᠡᠭᠦᠷ ᠤᠨ ᠡᠮ ᠤᠨ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ᠂ ᠬᠠᠭᠤᠷᠮᠠᠭ ᠮᠠᠭᠤ ᠡᠮ ᠤᠨ ᠵᠦᠢᠯ ᠢ ᠪᠣᠷᠣᠯᠠᠭᠤᠯᠬᠤ ᠦᠶᠯᠡ ᠠᠵᠢᠯᠯᠠᠭ᠎ᠠ ᠶᠢ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠮᠲᠤᠷᠠᠨ ᠬᠠᠤᠯᠢ ᠬᠡᠷᠡᠭᠵᠢᠭᠦᠯᠬᠦ᠂ ᠡᠷᠡᠭᠦᠦ ᠰᠢᠳᠬᠡᠯ ᠬᠡᠷᠡᠭᠵᠢᠭᠦᠯᠬᠦ ᠶᠢ ᠵᠣᠯᠭᠠᠭᠤᠯᠬᠤ ᠪᠠ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠬᠦ ᠶᠢ ᠴᠢᠩᠭᠠᠷᠠᠭᠤᠯᠤᠨ᠂ ᠡᠮ ᠤᠨ ᠵᠦᠢᠯ ᠤᠨ ᠠᠮᠤᠷ ᠲᠦᠪᠰᠢᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠡᠮ ᠤᠨ ᠵᠦᠢᠯ ᠤᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠦᠨᠡᠨᠬᠦ ᠪᠠᠲᠤᠯᠠᠵᠤ᠂ ᠠᠷᠠᠳ ᠣᠯᠠᠨ ᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1