8 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ | ᠭᠤᠸ ᠵᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 16 ᠳ᠋ᠤᠭᠠᠷ ᠤᠳᠠᠭᠠᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠶᠠᠪᠤᠳᠠᠯ ᠢ ᠰᠤᠳᠤᠯᠤᠨ ᠶᠠᠷᠢᠯᠴᠠᠵᠤ᠂ 2022 ᠣᠨ ᠤ ᠪᠦᠬᠦ ᠰᠢᠶᠠᠨ ᠤ ᠬᠥᠳᠡᠭᠡ ᠲᠣᠰᠬᠤᠨ ᠤ | ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠤᠯᠪᠣᠭᠳᠠᠯ ᠪᠦᠬᠦᠢ ᠤᠴᠢᠷ ᠶᠠᠪᠤᠳᠠᠯ᠂ ︽ᠵᠤᠭᠠᠴᠠᠬᠤ ᠳᠤ ᠲᠣᠬᠢᠷᠠᠮᠵᠢᠲᠠᠢ | ︾ ᠲᠣᠭᠲᠠᠬᠤ ᠶᠢ ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2022 ︱ ︱ | 2024 ᠣᠨ︶︾ ︽ᠲᠣᠭᠲᠠᠬᠤ ᠰᠢᠶᠠᠨ ᠤ ᠵᠥᠪᠰᠢᠶᠡᠷᠡᠬᠦ ᠪᠠᠷ ᠪᠠᠶᠢᠭ᠎ᠠ ᠲᠦᠷᠦᠯ ᠵᠦᠢᠯ ᠤᠨ ᠦᠨᠳᠦᠰᠦᠨ ᠲᠥᠰᠥᠯ | ︾ ︽ᠲᠣᠭᠲᠠᠬᠤ ᠰᠢᠶᠠᠨ ᠤ ︽ᠬᠠᠭᠠᠰ ᠲᠣᠭᠠᠨ ᠤ︾ ᠢᠨᠵᠧᠨᠧᠷᠢᠩ ᠤᠨ ᠦᠨᠳᠦᠰᠦᠨ ᠱᠠᠲᠤᠨ ᠤ ᠠᠵᠢᠯ ᠤᠨ | ᠲᠥᠰᠥᠯ︾ ︽ᠲᠣᠭᠲᠠᠬᠤ ᠰᠢᠶᠠᠨ ᠵᠥᠪᠰᠢᠶᠡᠷᠡᠭᠰᠡᠨ ᠪᠣᠯᠪᠠᠴᠤ ᠥᠴᠢᠭᠯᠡᠭᠰᠡᠨ ᠦᠭᠡᠢ᠂ ᠥᠨᠵᠢᠵᠦ ᠪᠠᠶᠢᠭ᠎ᠠ ᠭᠠᠵᠠᠷ | ᠰᠢᠷᠣᠢ ᠶᠢ ᠶᠡᠭᠡ ᠬᠡᠮᠵᠢᠶ᠎ᠡ ᠪᠠᠷ ᠡᠬᠢᠯᠡᠨ ᠰᠢᠩᠭᠡᠭᠡᠵᠦ ᠰᠢᠢᠳᠪᠦᠷᠢᠯᠡᠬᠦ ᠶᠢᠨ ᠬᠡᠷᠡᠭᠵᠢᠭᠦᠯᠬᠦ ᠲᠥᠰᠥᠯ︾ ︽ᠲᠣᠭᠲᠠᠬᠤ | ᠰᠢᠶᠠᠨ ᠤ ᠳᠠᠷᠤᠭᠳᠠᠵᠤ ᠪᠠᠶᠢᠭ᠎ᠠ ᠪᠡᠯᠡ ᠮᠥᠩᠭᠦ᠋ᠢᠨ ᠰᠠᠭᠤᠷᠢ ᠲᠤᠭ᠎ᠠ ᠶᠢ ᠶᠡᠭᠡ ᠪᠠᠷ ᠳᠡᠭᠡᠭᠰᠢᠯᠡᠭᠦᠯᠬᠦ ᠲᠤᠰᠬᠠᠢ | ᠠᠵᠢᠯᠯᠠᠭ᠎ᠠ ᠶᠢᠨ ᠠᠵᠢᠯ ᠤᠨ ᠲᠥᠰᠥᠯ︾ ︽ᠲᠣᠭᠲᠠᠬᠤ ᠰᠢᠶᠠᠨ ᠤ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ | ᠡᠬᠢ ᠪᠠᠶᠠᠯᠢᠭ ᠤᠨ ᠡᠯᠧᠮᠧᠨ᠋ᠲ ᠢ ᠶᠡᠭᠡ ᠪᠠᠷ ᠡᠬᠢᠯᠡᠭᠦᠯᠬᠦ ᠠᠵᠢᠯ ᠤᠨ ᠲᠥᠰᠥᠯ︾᠂ 2022 ᠣᠨ ᠤ ᠬᠥᠬᠡᠬᠤᠲᠠ | ᠲᠣᠭᠲᠠᠬᠤ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ · ᠡᠭᠦᠷᠢᠳᠡ ᠨᠠᠮ ᠢᠶᠠᠨ ᠳᠠᠭᠠᠨ᠎ᠠ︾ ᠠᠷᠪᠠᠨ | ᠨᠢᠭᠡᠳᠦᠭᠡᠷ ᠬᠤᠭᠤᠴᠠᠭᠠᠨ ᠤ ᠬᠠᠲᠤᠨ ᠭᠤᠣᠯ ᠤᠨ ᠰᠣᠶᠣᠯ ᠵᠢᠭᠤᠯᠴᠢᠯᠠᠯ ᠤᠨ ᠠᠵᠢᠯᠯᠠᠭᠠᠨ ᠤ ᠲᠥᠰᠥᠯ︾ ︽ | ᠲᠣᠭᠲᠠᠬᠤ ᠰᠢᠶᠠᠨ ᠤ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠲᠥᠰᠥᠯ︾ ︽ᠲᠣᠭᠲᠠᠬᠤ ᠰᠢᠶᠠᠨ ᠤ ᠳᠠᠬᠢᠯᠲᠠ | ᠬᠥᠩᠭᠡᠨ ᠴᠠᠭᠠᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ ᠲᠡᠳᠬᠦᠬᠦ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢᠨ ᠲᠤᠬᠠᠢ ᠲᠦᠷ ᠬᠡᠷᠡᠭᠵᠢᠭᠦᠯᠬᠦ ᠲᠣᠭᠲᠠᠭᠠᠯ︾ ︽ᠲᠣᠭᠲᠠᠬᠤ ᠰᠢᠶᠠᠨ ᠤ 2022 ᠣᠨ ᠤ | ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠲᠥᠰᠥᠯ︾ ︽ᠲᠣᠭᠲᠠᠬᠤ ᠰᠢᠶᠠᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ ︿ᠨᠢᠭᠡ ᠲᠠᠯ᠎ᠠ ᠳᠤᠨᠢ ᠬᠦᠴᠢᠷᠳᠡᠯ ᠲᠤᠯᠭᠠᠷᠠᠪᠠᠯ ᠨᠠᠢᠮᠠᠨ ᠲᠠᠯ᠎ᠠ ᠠᠴᠠ ᠳᠡᠮᠵᠢᠬᠦ﹀ | ᠠᠪᠤᠷᠠᠨ ᠲᠤᠰᠠᠯᠠᠬᠤ ᠰᠠᠭᠤᠷᠢ ᠮᠥᠩᠭᠦᠨ ᠤ ᠲᠥᠷᠥᠯ ᠵᠦᠢᠯ ᠢ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ | ᠰᠤᠳᠤᠯᠤᠨ ᠶᠠᠷᠢᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠡᠷᠴᠢᠮᠵᠢᠭᠦᠯᠦᠨ ᠠᠷᠪᠢᠯᠠᠬᠤ᠂ ᠦᠷ᠎ᠡ ᠠᠰᠢᠭ ᠢ ᠲᠡᠷᠢᠭᠦᠨ ᠳᠤ ᠲᠠᠯᠪᠢᠬᠤ᠂ ᠡᠭᠦᠷᠭᠡᠯᠡᠨ ᠠᠵᠢᠯ ᠬᠢᠬᠦ ᠣᠨᠣᠯᠵᠢᠬᠤᠨ ᠢ | ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠦᠨᠳᠦᠰᠦᠨ ᠵᠦᠢᠯᠢ ᠶᠡᠭᠡ ᠪᠠᠷ ᠡᠬᠢᠯᠡᠭᠦᠯᠬᠦ︾ | ᠠᠵᠢᠯᠯᠠᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠪᠥᠬᠦ ᠰᠢᠶᠠᠨ ᠤ | ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ ᠰᠤᠯᠠ ᠪᠠᠶᠢᠬᠤ ᠭᠠᠵᠠᠷ ᠰᠢᠷᠣᠢ᠂ ᠳᠠᠷᠤᠭᠳᠠᠮᠠᠯ ᠪᠡᠯᠡ ᠮᠥᠩᠭᠦ᠂ | ︽ᠬᠠᠭᠠᠰ ᠳᠤᠲᠠᠭᠤ︾ ᠢᠨᠵᠧᠨᠧᠷᠢᠩ᠂ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠬᠤ ᠡᠬᠢ ᠪᠠᠶᠠᠯᠢᠭ ᠤᠨ | ᠬᠦᠴᠦᠨ ᠵᠦᠢᠯ ᠵᠡᠷᠭᠡ ᠲᠠᠪᠤᠨ ᠲᠠᠯ᠎ᠠ ᠪᠠᠷ ᠠᠰᠠᠭᠤᠳᠠᠯ ᠢ ᠲᠣᠳᠣᠷᠬᠠᠢ ᠣᠶᠢᠯᠠᠭᠠᠵᠤ᠂ ᠲᠥᠷᠥᠯ ᠬᠤᠪᠢᠶᠠᠨ | ᠰᠢᠢᠳᠪᠦᠷᠢᠯᠡᠵᠦ᠂ ᠡᠬᠡ ᠲᠠᠩᠰᠠ ᠪᠠᠶᠢᠭᠤᠯᠤᠨ᠂ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ ᠬᠠᠷᠠᠯᠲᠠ ᠪᠠᠨ | ᠲᠣᠭᠲᠠᠭᠠᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠯᠢ ᠲᠦᠷᠭᠡᠳᠬᠡᠨ᠂ ᠰᠤᠯᠠ ᠪᠠᠶᠢᠭ᠎ᠠ ᠦᠷ᠎ᠡ ᠠᠰᠢᠭ ᠢᠶᠠᠷ | ᠳᠣᠣᠷ᠎ᠠ ᠭᠠᠵᠠᠷ ᠰᠢᠷᠣᠢ ᠶᠢ ᠴᠢᠯᠦᠭᠡᠲᠡᠢ ᠪᠣᠯᠭᠠᠵᠤ᠂ ᠣᠯᠠᠨ ᠨᠡᠶᠢᠲᠡ ᠶᠢᠨ ᠪᠡᠯᠡ ᠮᠥᠩᠭᠦ ᠶᠢᠨ ᠬᠡᠷᠡᠭᠯᠡᠯᠲᠡ | ᠬᠠᠮᠢᠶᠠᠷᠤᠯᠲᠠ ᠶᠢ ᠵᠢᠷᠤᠮᠵᠢᠭᠤᠯᠤᠨ᠂ ︽ᠬᠠᠭᠠᠰ ᠳᠤᠲᠠᠭᠤ︾ ᠢᠨᠵᠧᠨᠧᠷᠢᠩ ᠢ ᠲᠣᠬᠢᠲᠠᠢ ᠰᠢᠢᠳᠪᠦᠷᠢᠯᠡᠵᠦ᠂ ᠡᠬᠢ | ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠶ ᠠᠰᠢᠭᠯᠠᠬᠤ ᠶᠢ ᠲᠦᠯᠬᠢᠨ ᠠᠬᠢᠭᠤᠯᠬᠤ ᠬᠡᠷᠡᠭᠲᠡᠢ᠃ | ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠨ᠂ ᠬᠢᠨᠠᠨ | ᠵᠢᠯᠤᠭᠤᠳᠴᠤ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ | ᠠᠵᠢᠯᠯᠠᠭ᠎ᠠ ᠶᠢᠨ ᠢᠳᠡᠪᠬᠢᠲᠡᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠢ ᠶᠢᠨ ᠫᠢᠩ | ᠶᠡᠷᠦᠩᠬᠡᠢ ᠱᠦᠵᠢ ᠶᠢᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ | ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠳᠤᠨ ᠭᠤᠣᠯ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠲᠦᠷᠦᠯ | ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ | ᠲᠣᠰᠬᠤᠨ ᠤ ᠵᠤᠭᠠᠴᠠᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠲᠤᠭᠳᠠᠬᠤ ᠰᠢᠶᠠᠨ ᠤ ᠵᠤᠭᠠᠴᠠᠯ ᠤᠨ | ᠠᠯᠳᠠᠷᠰᠢᠯ ᠪᠣᠯᠣᠨ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠴᠢᠩᠭ᠎ᠠ ᠨᠢᠮᠪᠠᠢ ᠬᠢᠵᠦ᠂ ᠲᠡᠷᠡ ᠬᠡᠪ ᠢᠶᠠᠷ ᠨᠢ ᠰᠠᠶᠢᠲᠤᠷ ᠬᠢᠬᠦ | ᠬᠡᠷᠡᠭᠲᠡᠢ᠃ ᠭᠤᠣᠯᠳᠠᠯᠭ᠎ᠠ ᠲᠠᠢ ᠲᠠᠯᠠᠪᠤᠷ ᠤᠨ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ | ᠵᠠᠮ ᠬᠠᠷᠢᠯᠴᠠᠭᠠᠨ ᠤ ᠣᠷᠣᠬᠤ ᠭᠠᠵᠠᠷ ᠤᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮᠢ ᠪᠠᠲᠤ ᠰᠠᠬᠢᠵᠤ᠂ ︽ᠬᠤᠶᠠᠷ | ᠺᠣᠳ᠋ ᠨᠢᠭᠡ ᠦᠨᠡᠮᠯᠡᠯ︾ ᠢ ᠪᠠᠶᠢᠴᠠᠭᠠᠨ ᠰᠢᠯᠭᠠᠬᠤ ᠪᠠ ︽ᠨᠠᠶᠢᠳᠠᠪᠤᠷᠢᠵᠢᠭᠤᠯᠤᠭᠰᠠᠨ ᠢ ᠪᠠᠶᠢᠴᠠᠭᠠᠬᠤ︾ ᠵᠡᠷᠭᠡ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠤᠴᠠᠵᠤ ᠢᠷᠡᠬᠦ ᠪᠠ ᠨᠠᠶᠢᠳᠠᠵᠤ ᠪᠣᠯᠬᠤ ᠬᠥᠮᠥᠰ ᠤᠨ ᠮᠡᠳᠡᠭᠦᠯᠦᠨ | ᠳᠠᠩᠰᠠᠯᠠᠭᠤᠯᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ ᠬᠥᠮᠥᠰ ᠢ ᠰᠡᠷᠭᠡᠶᠢᠯᠡᠨ | ᠡᠵᠡᠮᠳᠡᠬᠦ ᠪᠣᠭᠤᠮᠲᠠ ᠶᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠶᠢᠨ ᠴᠡᠭ ᠪᠣᠯᠣᠨ ᠬᠥᠮᠥᠰ ᠢ ᠨᠠᠷᠢᠨ | ᠪᠠᠶᠢᠴᠠᠭᠠᠵᠤ᠂ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ | ᠭᠤᠣᠯᠳᠠᠯᠭ᠎ᠠ ᠲᠠᠢ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠲᠤᠰᠠᠭᠠᠷᠯᠠᠬᠤ | ᠪᠠᠭᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠨᠠᠷᠢᠨ ᠨᠢᠮᠪᠠᠢ ᠨᠠᠶᠢᠳᠠᠪᠤᠷᠢᠵᠢᠭᠤᠯᠬᠤ ᠡᠯ᠎ᠡ ᠵᠦᠢᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ | ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠡᠷᠡᠰ ᠰᠠᠬᠢᠨ ᠬᠠᠮᠠᠭᠠᠯᠠᠬᠤ ᠬᠡᠷᠡᠭᠲᠡᠢ | ᠃ ᠰᠤᠷᠭᠠᠭᠤᠯᠢ ᠡᠬᠢᠯᠡᠬᠦ ᠭᠡᠵᠦ ᠪᠠᠶᠢᠭ᠎ᠠ ᠦᠶ᠎ᠡ ᠳᠤ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠪᠠᠭᠰᠢ ᠰᠣᠷᠣᠭᠴᠢ ᠠᠵᠢᠯᠲᠠᠨ ᠠᠵᠢᠯᠴᠢᠨ ᠤ | ᠰᠤᠷᠭᠠᠭᠤᠯᠢ ᠳᠠᠭᠠᠨ ᠪᠤᠴᠠᠬᠤ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠬᠢᠵᠢᠭ ᠢ | ᠠᠷᠢᠯᠭᠠᠬᠤ᠂ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠵᠡᠷᠭᠡ ᠠᠵᠢᠯ ᠢ ᠰᠠᠶᠢᠲᠤᠷ ᠬᠢᠵᠦ᠂ ᠡᠷᠡᠭᠦᠯ | ᠮᠡᠨᠳᠦ ᠶᠢᠨ ᠬᠢᠨᠠᠨ ᠬᠡᠮᠵᠢᠯᠲᠡ ᠪᠠ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠨ᠂ ᠪᠠᠭᠰᠢ ᠰᠣᠷᠣᠭᠴᠢ ᠠᠵᠢᠯᠲᠠᠨ | ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ ᠥᠪᠡᠷ ᠢ ᠪᠠᠨ ᠬᠠᠮᠠᠭᠠᠯᠠᠬᠤ ᠠᠵᠢᠯ ᠢ ᠰᠠᠶᠢᠲᠤᠷ ᠬᠢᠯᠭᠡᠵᠦ᠂ | ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠵᠢᠯ ᠤᠨ ᠤᠷᠤᠭᠰᠢᠲᠠᠢ ᠪᠥᠭᠡᠳ ᠲᠣᠭᠲᠠᠭᠤᠨ ᠪᠠᠶᠢᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃ |