ᠤᠯᠤᠰ ᠤᠨ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠨᠥᠳᠦᠷ ᠵᠠᠷᠯᠠᠯ ᠨᠡᠶᠢᠲᠡᠯᠡᠵᠦ᠂ | ᠬᠤᠪᠧᠶ ᠮᠤᠵᠢ ᠶᠢᠨ ᠡᠮ ᠤᠨᠵᠥ᠋ᠢᠯ ᠳᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ | ᠵᠡᠷᠭᠡ 10 ᠡᠮ ᠤᠨᠵᠥ᠋ᠢᠯ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠰᠢᠯᠭᠠᠨ ᠪᠠᠶᠢᠴᠠᠭᠠᠯᠲᠠ ᠪᠠᠷ ᠳᠡᠮᠵᠢᠨ᠂ | ᠷᠦᠢ ᠶᠠᠩ ᠡᠮ ᠦᠢᠯᠡᠳᠬᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 16 ᠠᠵᠤ ᠠᠬᠤᠶᠢᠯᠠᠯ ᠤᠨ | ᠦᠢᠯᠡᠳᠪᠤᠷᠢᠯᠡᠭᠰᠡᠨ ᠡᠲ᠋ᠧᠨ ᠠᠰᠢᠯᠲᠤ ᠬᠠᠭᠠᠰ ᠴᠢᠰᠲ᠋ᠧᠢᠨ ᠲᠠᠷᠢᠯᠭᠠᠶᠢᠨ ᠰᠢᠩᠭᠡᠨ ᠵᠡᠷᠭᠡ 19 ᠪᠦᠯᠦᠭ ᠡᠮ ᠤᠨ | ᠵᠥᠢᠯ ᠨᠢ ᠲᠣᠭᠲᠠᠭᠠᠯ ᠳᠤ ᠨᠡᠶᠢᠴᠡᠬᠦ ᠥᠬᠡᠶ ᠭᠡᠵᠦ ᠢᠯᠡᠷᠬᠡᠶᠢᠯᠡᠵᠡᠶ᠃ | ᠤᠯᠤᠰ ᠤᠨ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠯᠡᠷᠬᠡᠶᠢᠯᠡᠬᠦ ᠳᠡᠭᠡᠨ᠂ | ᠳᠡᠭᠡᠷ᠎ᠡ ᠳᠤᠷᠠᠳᠤᠭᠰᠠᠨ ᠲᠣᠭᠲᠠᠭᠠᠯ ᠳᠤ ᠨᠡᠶᠢᠴᠡᠬᠦ ᠥᠬᠡᠶ ᠡᠮ ᠤᠨ ᠵᠥᠢᠯ ᠳᠤ᠂ ᠡᠮ ᠤᠨ ᠵᠥᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡᠨᠲᠡ ᠬᠤᠯᠪᠣᠭᠳᠠᠯ ᠪᠥᠬᠦᠶ ᠠᠵᠤ ᠠᠬᠤᠶᠢᠯᠠᠯ ᠪᠠ ᠨᠢᠭᠡᠴᠡ ᠶᠢᠨ | ᠪᠣᠷᠣᠯᠠᠭᠤᠯᠭ᠎ᠠ ᠬᠡᠷᠡᠭᠯᠡᠯᠲᠡ ᠶᠢ ᠲᠦᠷᠵᠣᠭᠰᠣᠭᠠᠬᠤ᠂ ᠬᠤᠷᠢᠶᠠᠨ ᠠᠪᠴᠢᠷᠠᠬᠤ ᠵᠡᠷᠭᠡ ᠲᠦᠭᠰᠢᠭᠦᠷᠢ ᠶᠢ ᠬᠢᠵᠠᠭᠠᠷᠯᠠᠬᠤ | ᠠᠷᠭ᠎ᠠ ᠬᠡᠮᠵᠢᠶ᠎ᠡ ᠠᠪᠤᠭᠤᠯᠬᠤ ᠪᠠᠷ ᠱᠠᠭᠠᠷᠳᠠᠵᠤ᠂ ᠲᠣᠭᠲᠠᠭᠠᠯ ᠳᠤ ᠨᠡᠶᠢᠴᠡᠬᠦ ᠥᠬᠡᠶ ᠶᠢ ᠰᠢᠯᠲᠠᠭᠠᠨ ᠢ | ᠪᠠᠶᠢᠴᠠᠭᠠᠬᠤ ᠶᠢᠨ ᠬᠠᠮᠲᠤ᠂ ᠦᠨᠡᠨ ᠬᠦ ᠴᠡᠭᠴᠡᠯᠡᠨ ᠵᠠᠰᠠᠨ᠎ᠠ ᠭᠡᠵᠡᠶ᠃ | ᠡᠭᠦᠨ ᠠᠴᠠ ᠭᠠᠳᠠᠨ᠎ᠠ᠂ ᠤᠯᠤᠰ ᠤᠨ ᠡᠮ ᠤᠨᠵᠥ᠋ᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠬᠤᠯᠪᠣᠭᠳᠠᠯ ᠪᠥᠬᠦᠶ ᠮᠤᠵᠢ ᠶᠢᠨ ᠱᠠᠲᠤᠨ ᠤ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ | ︽ᠪᠥᠬᠦᠳᠡᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠥᠢᠯ ᠤᠨ ᠬᠠᠮᠢᠶᠠᠷᠤᠯᠲᠠ ᠶᠢᠨ ᠬᠠᠤᠯᠢ︾ ᠶᠢ | ᠦᠨᠳᠦᠰᠦᠯᠡᠨ᠂ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠪᠣᠯᠤᠨ ᠨᠢᠭᠡᠴᠡᠳᠤ ᠣᠷᠣᠰᠢᠵᠤ ᠪᠠᠶᠢᠭ᠎ᠠ | ᠬᠠᠤᠯᠢ ᠠᠴᠠ ᠵᠥᠷᠢᠴᠡᠭᠰᠡᠨ ᠰᠡᠵᠢᠭᠯᠡᠯᠲᠡᠶ ᠠᠵᠢᠯᠯᠠᠭ᠎ᠠ ᠶᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠬᠤ ᠠᠵᠢᠯ ᠢ | ᠵᠣᠬᠢᠶᠠᠨ ᠪᠠᠶᠢᠭᠤᠯᠬᠤ ᠶᠢᠨ ᠬᠠᠮᠲᠤ᠂ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠤᠷᠢᠯᠡᠭᠰᠡᠨ ᠦᠷ᠎ᠡ ᠳ᠋ᠦᠩ ᠢᠶᠠᠨ | ᠢᠯᠡ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ | |