ᠲᠣᠭᠲᠠᠬᠤ ᠰᠢᠶᠠᠨ ᠤ ᠡᠮᠨᠡᠯᠭᠡ  ᠶᠢᠨ ᠬᠤᠷᠢᠶ᠎ᠠ᠄ ᠣᠳᠣᠬᠢᠴᠢᠯᠠᠭᠰᠠᠨ ᠡᠮᠨᠡᠯᠭᠡ  ᠶᠢᠨ ᠬᠤᠷᠢᠶᠠᠨ ᠤ ᠦᠯᠢᠭᠡᠷ ᠳᠠᠭᠤᠷᠢᠶᠠᠯ  ᠢ ᠪᠤᠶ ᠪᠣᠯᠭᠠᠵᠤ ᠣᠯᠠᠨ ᠲᠦᠮᠡᠨ ᠳᠤ ︽ᠡᠷᠡᠭᠦᠯ ᠮᠡᠨᠳᠦ︾ ᠳᠤ ᠪᠠᠳᠤᠯᠠᠭ᠎ᠠ ᠬᠠᠩᠭᠠᠨ᠎ᠠ
ᠨᠡᠶᠢᠲᠡᠯᠡᠭᠰᠡᠨ ᠴᠠᠭ᠄
2022/8/29
      ᠰᠢᠶᠠᠨ ᠤ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠰᠢᠨ᠎ᠡ ᠨᠢᠭᠡ ᠡᠭᠡᠯᠵᠢ ᠶᠢᠨ ᠡᠮ ᠡᠮᠨᠡᠯᠭᠡ ᠶᠢᠨ ᠥᠭᠡᠷᠡᠴᠢᠯᠡᠯᠲᠡ ᠶᠢᠨ ᠤᠷᠤᠰᠬᠠᠯ ᠢ ᠠᠮᠵᠢᠵᠤ᠂ ᠣᠳᠣᠬᠢᠴᠢᠯᠠᠭᠰᠠᠨ ᠡᠮᠨᠡᠯᠭᠡ ᠶᠢᠨ ᠬᠤᠷᠢᠶ᠎ᠠ ᠶᠢᠨ ᠬᠡᠪ ᠵᠠᠭᠪᠤᠷ ᠢ ᠭᠦᠨᠵᠡᠭᠡᠢ ᠬᠠᠭᠠᠯᠪᠤᠷᠢᠯᠠᠨ ᠡᠭᠦᠳᠴᠡᠢ᠃ ᠲᠣᠭᠠᠴᠢᠯᠠᠭᠰᠠᠨ ᠣᠨᠣᠰᠢᠯᠠᠨ ᠡᠮᠨᠡᠬᠦ᠂ ᠰᠠᠯᠠᠭ᠎ᠠ ᠲᠠᠰᠤᠭ ᠤᠨ ᠪᠠᠶᠢᠷᠢᠯᠠᠭᠤᠯᠤᠯᠲᠠ᠂ ᠨᠠᠩ ᠵᠦᠢ ᠵᠣᠬᠢᠰᠲᠠᠢ ᠴᠢᠳᠠᠪᠤᠷᠢᠲᠠᠨ ᠤ ᠪᠦᠲᠦᠴᠡ ᠵᠡᠷᠭᠡ ᠲᠠᠯ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠠᠵᠢᠯ ᠶᠠᠭ ᠶᠠᠪᠤᠭᠳᠠᠵᠤ ᠪᠠᠶᠢᠨ᠎ᠠ᠃ ᠬᠤᠶᠢᠰᠢᠳᠠ ᠶᠢᠨ ᠲᠠᠪᠤᠨ ᠵᠢᠯ ᠳᠤ᠂ ᠮᠠᠨ‌‍ᠤ ᠬᠤᠲᠠ ᠬᠤᠲᠠ ᠬᠥᠳᠡᠭᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠰᠢᠰᠲ᠋ᠧᠮ‌ᠢ ᠲᠡᠭᠦᠯᠳᠡᠷᠵᠢᠭᠦᠯᠦᠨ᠂ ᠣᠯᠠᠨ ᠲᠦᠮᠡᠨ ᠢ ᠣᠶᠢᠷ᠎ᠠ ᠬᠠᠪᠢ ᠳᠠᠭᠠᠨ ᠡᠪᠡᠳᠴᠢᠨ ᠢᠶᠠᠨ ᠦᠵᠡᠭᠦᠯᠵᠦ᠂ ᠡᠪᠡᠳᠴᠢᠨ ᠢᠶᠠᠨ ᠰᠠᠶᠢᠨ ᠦᠵᠡᠭᠦᠯᠬᠦ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠦ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1