ᠡᠳᠡᠭᠡᠷ ︽ᠵᠤᠨ ᠤ ᠢᠳᠡᠭᠡᠨ︾ ᠨᠢ ᠬᠠᠷᠢᠨ ︽ᠳᠡᠯᠪᠡᠷᠡᠬᠦ ᠪᠥᠮᠪᠦᠭᠡ︾ ᠪᠣᠯᠤᠨ᠎ᠠ︕ ᠢᠩᠭᠢᠵᠦ ᠢᠳᠡᠵᠦ ᠪᠣᠯᠬᠤ ᠥᠬᠡᠶ
ᠨᠡᠶᠢᠲᠡᠯᠡᠭᠰᠡᠨ ᠴᠠᠭ᠄
2022/8/29
     ᠬᠤᠪᠳᠤᠭ ᠬᠦᠮᠤᠨ ᠳᠤ ᠠᠪᠴᠤ ᠬᠡᠯᠡᠪᠡᠯ ᠵᠤᠨ ᠤ ᠴᠠᠭ ᠪᠣᠯ ᠬᠠᠮᠤᠭ ᠵᠢᠷᠭᠠᠯ ᠲᠠᠢ ᠤᠯᠠᠷᠢᠯ᠂ ᠫᠢᠸᠤ᠋᠂  ᠬᠥᠬᠡ ᠪᠤᠷᠴᠠᠭ᠂ ᠲᠠᠷᠪᠤᠰ᠂ ᠨᠡᠭᠦᠷᠡᠰᠦ ᠬᠦᠴᠢᠯ ᠤᠨ ᠤᠮᠳᠠᠭᠠᠨ᠁              1 . ︽ᠬᠥᠬᠡ ᠪᠤᠷᠴᠠᠭ + ᠫᠢᠸᠤ᠋︾ ᠶᠢ ᠵᠠᠯᠭ᠎ᠠ ᠤᠤᠭᠤᠪᠠᠯ ᠲᠤᠯᠠᠢ ᠡᠪᠡᠳᠴᠢᠨ ᠤᠯᠬᠤ ᠠᠴᠠ ᠬᠢᠴᠢᠶᠡ   ︽ᠬᠠᠯᠠᠭᠤᠨ ᠤ ᠴᠠᠭ ᠲᠤ᠂ ᠲᠤᠯᠠᠢ ᠡᠪᠡᠳᠴᠢᠲᠡᠨ ᠡᠩ ᠤᠨ ᠦᠶ᠎ᠡ ᠶᠢᠨ ᠬᠢ ᠠᠴᠠ 30 % ᠠᠴᠠ  40  % ᠪᠠᠷ ᠨᠡᠮᠡᠭᠳᠡᠵᠦ᠂ ᠢᠳᠡᠭᠡᠨ ᠤᠮᠳᠠᠭᠠᠨ ᠳᠡᠭᠡᠷ᠎ᠡ ᠫᠢᠸᠤ᠋ ᠤᠤᠭᠤᠬᠤ ᠨᠢ ᠠᠷᠪᠢᠨ᠂ ᠤᠤᠯ ᠤᠨ ᠰᠢᠭᠡᠰᠦᠨ ᠬᠦᠴᠢᠯ ᠥᠨᠳᠥᠷ  ᠰᠠᠭᠤᠷᠢᠨ ᠳᠡᠭᠡᠷ᠎ᠡ ᠨᠡᠩ ᠥᠨᠳᠥᠷ ᠪᠤᠯᠵᠤ᠂ ᠬᠢᠵᠠᠭᠠᠷ ᠴᠡᠭ ᠢ ᠰᠢᠪᠲᠤᠯᠵᠤ᠂ ᠲᠤᠯᠠᠢ ᠡᠪᠡᠳᠴᠢᠨ ᠢ ᠡᠭᠦᠰᠭᠡᠳᠡᠭ︾᠃              2 . ᠡᠳᠡᠭᠡᠷ ᠢᠳᠡᠰᠢᠨ ᠨᠣᠭᠤᠭ᠎ᠠ ᠪᠠ ᠪᠤᠷᠴᠠᠭ ᠪᠣᠯ ᠨᠢᠭᠤᠭᠳᠠᠮᠠᠯ ᠫᠦᠷᠢᠨ ᠤ ᠡᠳ᠋ ᠪᠣᠯᠤᠨ᠎ᠠ  ᠂ ᠴᠥᠭᠡᠨ ᠪᠤᠰᠤ ᠤᠷᠭᠤᠮᠠᠯ ᠴᠢᠨᠠᠷᠲᠠᠶ ᠢᠳᠡᠭᠡᠨ ᠨᠢ ᠪᠠᠰᠠ ᠨᠢᠭᠤᠭᠳᠠᠵᠤ ᠪᠠᠶᠢᠭ᠎ᠠ ᠫᠦᠷᠢᠨ ᠤ ᠡᠳ᠋ ᠪᠠᠶᠢᠳᠠᠭ᠂ ᠵᠢᠱᠢᠶᠡᠯᠡᠪᠡᠯ ᠰᠢᠷ᠎ᠠ ᠪᠤᠷᠴᠠᠭ᠂ ᠨᠣᠭᠤᠭᠠᠨ ᠪᠤᠷᠴᠠᠭ᠂ ᠼᠠᠨᠳᠧᠦ  ᠪᠤᠷᠴᠠᠭ  ᠵᠡᠷᠭᠡ᠃ ᠬᠠᠲᠠᠭᠠᠭᠰᠠᠨ ᠤᠯᠠᠭᠠᠨ  ᠨᠣᠭᠤᠭ᠎ᠠ ᠶᠢᠨ ᠫᠦᠷᠢᠨ ᠤ ᠠᠭᠤᠯᠤᠭᠳᠠᠴᠠ 4153 . 4 mg / kg ᠬᠦᠷᠴᠦ᠂ ᠴᠢᠨᠠᠭᠰᠢᠯᠠᠪᠠᠯ ᠵᠠᠷᠢᠮ ᠠᠮᠢᠲᠠᠨ ᠤ ᠳᠣᠲᠣᠷ ᠡᠷᠬᠡᠲᠡᠨ ᠤ ᠫᠦᠷᠢᠨ ᠤ ᠠᠭᠤᠯᠤᠭᠳᠠᠴᠠ ᠠᠴᠠ ᠴᠤ ᠥᠨᠳᠥᠷ ᠪᠠᠶᠢᠳᠠᠭ᠃              3 . ᠤᠮᠳᠠᠭᠠᠨ ᠵᠢᠮᠢᠰ ᠢ ᠬᠡᠮᠵᠢᠶ᠎ᠡ ᠲᠠᠢ ᠤᠤᠭᠤᠵᠤ ᠡᠳ᠋ᠯᠡᠵᠦ ᠪᠠᠶᠢᠭᠠᠷᠠᠢ᠃ ᠲᠤᠯᠠᠢ ᠡᠪᠡᠳᠴᠢᠨ ᠢ  ᠰᠡᠷᠭᠡᠶᠢᠯᠡᠬᠦ ᠳᠤ ᠵᠢᠮᠢᠰ ᠤᠨ ᠰᠢᠬᠢᠷ ᠢ ᠪᠠᠰᠠ ᠬᠢᠵᠠᠭᠠᠷᠯᠠᠬᠤ ᠬᠡᠷᠡᠭᠲᠡᠶ᠃ ᠵᠤᠨ ᠳᠠᠭᠠᠨ ᠺᠧ ᠯᠧ᠂ ᠵᠢᠮᠢᠰ ᠤᠨ ᠰᠢᠭᠦᠰᠦ᠂ ᠡᠰᠡᠬᠦᠯ᠎ᠡ ᠲᠠᠷᠪᠤᠰ᠂ ᠪᠡᠷᠴᠢᠭᠢᠷ ᠯᠣᠣ ᠶᠢᠨ ᠨᠢᠳᠦ ᠢᠳᠡᠬᠦ ᠨᠢ ᠮᠠᠰᠢ ᠲᠠᠭᠠᠯᠠᠮᠵᠢᠲᠠᠶ ᠰᠠᠨᠠᠭᠳᠠᠨ᠎ᠠ᠂ ᠦᠨᠡᠨ ᠳᠡᠭᠡᠨ ᠢᠩᠭᠢᠬᠦ ᠨᠢ ᠵᠢᠮᠢᠰ ᠤᠨ ᠰᠢᠬᠢᠷ ᠢ ᠬᠡᠲᠦᠷᠬᠡᠶ ᠠᠷᠪᠢᠨ ᠢᠳᠡᠭᠰᠡᠨ ᠠᠴᠠ ᠪᠣᠯᠵᠤ ᠰᠢᠭᠡᠰᠦᠨ ᠬᠦᠴᠢᠯ ᠢ ᠮᠠᠰᠢ ᠠᠮᠠᠷᠬᠠᠨ ᠳᠡᠭᠡᠭᠰᠢᠯᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1