2022 ᠣᠨ ᠳᠤ ᠲᠣᠭᠲᠠᠬᠤ ᠰᠢᠶᠠᠨ ᠤ ᠦᠨᠳᠦᠰᠦᠨ ᠱᠠᠲᠤᠨ ᠤ ᠨᠠᠮ ᠤᠨ ᠠᠵᠢᠯᠲᠠᠳ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2022/8/30
       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ︽ᠬᠥᠬᠡᠬᠤᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠢ ᠳᠡᠭᠡᠭᠰᠢᠯᠡᠭᠦᠯᠬᠦ ᠲᠥᠰᠥᠯ︾ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠢ ᠭᠦᠢᠴᠡᠳ ᠦᠢᠯᠡᠳᠦᠯᠭᠡᠵᠢᠭᠦᠯᠵᠦ᠂ ᠵᠠᠯᠠᠭᠤ ᠺᠠᠳ᠋ᠷᠴᠤᠳ ᠤᠨ ᠮᠡᠳᠡᠭᠡ ᠵᠠᠩᠭᠢ ᠶᠢ ᠲᠤᠭᠤᠷᠪᠢᠨ ᠪᠢᠴᠢᠬᠦ ᠴᠢᠳᠠᠪᠤᠷᠢ ᠪᠣᠯᠣᠨ ᠶᠠᠰᠤ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ 8 ᠳ᠋ᠤᠭᠠᠷ ᠰᠠᠷ᠎ᠠ ᠶᠢᠨ 26 ᠤ ᠡᠳᠦᠷ᠂ ᠵᠣᠬᠢᠶᠠᠨ ᠪᠠᠶᠢᠭᠤᠯᠬᠤ ᠠᠵᠢᠯ ᠤᠨ ᠺᠠᠳ᠋ᠷ᠂ ᠪᠠᠶᠢᠭᠤᠯᠤᠯᠭ᠎ᠠ ᠶᠢᠨ ᠨᠠᠮ ᠤᠨ ᠠᠵᠢᠯ ᠤᠨ ᠠᠵᠢᠯᠲᠠᠨ᠂ ᠰᠣᠩᠭᠤᠨ ᠰᠢᠯᠵᠢᠭᠦᠯᠬᠦ ᠰᠣᠷᠣᠭᠴᠢ᠂ ︽ᠰᠢᠶᠠᠩ ᠠᠴᠠ ᠡᠯᠰᠡᠵᠦ ᠲᠣᠰᠬᠤᠨ ᠳᠤ ᠬᠡᠷᠡᠭᠯᠡᠬᠦ︾ ᠴᠢᠳᠠᠪᠤᠷᠢᠲᠠᠨ᠂ ᠨᠡᠶᠢᠭᠡᠮ ᠲᠣᠭᠤᠷᠢᠭ ᠠᠴᠠ ᠣᠶᠤᠲᠠᠨ ᠡᠯᠰᠡᠬᠦ ᠵᠡᠷᠭᠡ ᠪᠠᠷ ᠳ᠋ᠦᠢᠰᠢᠶᠠᠩ ᠪᠣᠯᠭᠠᠭᠰᠠᠨ ᠦᠨᠳᠦᠰᠦᠨ ᠱᠠᠲᠤᠨ ᠤ ᠨᠠᠮ ᠤᠨ ᠠᠵᠢᠯ ᠤᠨ ᠠᠵᠢᠯᠲᠠᠨ ᠤ ᠮᠡᠳᠡᠭᠡ ᠵᠠᠩᠭᠢ ᠶᠢᠨ ᠤᠬᠠᠭᠤᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ᠃      ᠲᠣᠰ ᠤᠳᠠᠭᠠᠨ ᠤ ᠪᠣᠯᠪᠠᠰᠤᠷᠠᠭᠤᠯᠤᠯ ᠳᠤ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠣᠨᠣᠯ ᠤᠨ ᠰᠣᠨᠢᠨ ᠮᠡᠳᠡᠭᠡᠨ ᠤ ᠲᠥᠪ ᠤᠨ ᠳᠡᠳ᠋ ᠡᠷᠬᠢᠯᠡᠭᠴᠢ᠂ ︽ᠰᠣᠨᠢᠨ ᠮᠡᠳᠡᠭᠡᠨ ᠤ ᠦᠭᠦᠯᠡᠮᠵᠢ︾ ᠶᠢᠨ ᠨᠠᠶᠢᠷᠠᠭᠤᠯᠬᠤ ᠬᠡᠯᠲᠡᠰ ᠤᠨ ᠭᠤᠣᠯ ᠨᠠᠶᠢᠷᠠᠭᠤᠯᠤᠭᠴᠢ ᠭᠤᠸ ᠢᠦᠢ ᠨᠥᠬᠦᠷ ᠢ ᠲᠤᠰᠬᠠᠶᠢᠯᠠᠨ ᠤᠷᠢᠵᠤ ᠮᠡᠳᠡᠭᠡ ᠵᠠᠩᠭᠢ ᠪᠢᠴᠢᠬᠦ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠵᠦ᠂ ᠪᠣᠯᠪᠠᠰᠤᠷᠠᠭᠤᠯᠤᠯ ᠳᠤ ᠣᠷᠣᠯᠴᠠᠭᠰᠠᠨ ᠰᠣᠷᠣᠭᠴᠢ ᠨᠢᠭᠡᠪᠦᠷᠢ ᠴᠥᠮ ᠰᠤᠷᠤᠯᠴᠠᠪᠠᠯ ᠣᠯᠣᠯᠲᠠ ᠲᠠᠢ᠂ ᠭᠦᠨᠵᠡᠭᠡᠢ ᠰᠤᠷᠤᠯᠴᠠᠵᠤ ᠨᠡᠪᠲᠡᠷᠡᠲᠡᠯ᠎ᠡ ᠣᠶᠢᠯᠠᠭᠠᠵᠤ᠂ ᠲᠠᠷᠢᠬᠢ ᠲᠣᠯᠣᠭᠠᠢ ᠳᠤᠨᠢ ᠬᠠᠳᠠᠩᠰᠢᠭᠤᠯᠵᠤ᠂ ᠠᠰᠢᠭ ᠲᠤᠰᠠ ᠲᠠᠢ ᠪᠣᠯᠭᠠᠬᠤ ᠪᠠᠷ ᠴᠢᠷᠮᠠᠶᠢᠵᠠᠢ᠃      ᠪᠣᠯᠪᠠᠰᠤᠷᠠᠯ ᠤᠨ ᠠᠩᠭᠢ ᠴᠢᠬᠤᠯᠠᠴᠢᠯᠠᠭᠰᠠᠨ ᠨᠢ᠂ ᠮᠡᠳᠡᠭᠡ ᠵᠠᠩᠭᠢ ᠶᠢᠨ ᠤᠬᠠᠭᠤᠯᠭ᠎ᠠ ᠪᠣᠯ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠬᠡᠷᠡᠭᠴᠡᠭᠡ ᠮᠥᠨ ᠭᠡᠳᠡᠭ ᠢ ᠭᠦᠢᠴᠡᠳ ᠲᠠᠨᠢᠬᠤ ᠬᠡᠷᠡᠭᠲᠡᠢ᠃2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠂ ᠪᠦᠬᠦ ᠣᠷᠣᠨ ᠤ ︽ᠲᠠᠪᠤᠨ ᠲᠠᠯ᠎ᠠ ᠶᠢ ᠬᠠᠮᠵᠢᠯᠴᠠᠭᠤᠯᠤᠨ ᠦᠨᠳᠦᠰᠦᠨ ᠱᠠᠲᠤ ᠶᠢ ᠶᠡᠬᠡᠪᠡᠷ ᠠᠳᠬᠤᠬᠤ︾ ᠭᠤᠷᠪᠠᠨ ᠵᠢᠯ ᠤᠨ ᠰᠠᠭᠤᠷᠢ ᠶᠢ ᠲᠠᠯᠪᠢᠬᠤ ᠡᠴᠦᠰ ᠤᠨ ᠵᠢᠯ ᠮᠥᠨ᠂ ᠵᠣᠬᠢᠶᠠᠨ ᠪᠠᠶᠢᠭᠤᠯᠬᠤ ᠠᠵᠢᠯ ᠤᠨ ᠮᠡᠳᠡᠭᠡ ᠵᠠᠩᠭᠢ ᠶᠢᠨ ᠤᠬᠠᠭᠤᠯᠭ᠎ᠠ ᠳᠤ ᠡᠷᠬᠡᠪᠰᠢ ᠪᠠᠶᠢᠳᠠᠯ ᠢ ᠴᠢᠩᠭ᠎ᠠ ᠳᠠᠭᠠᠵᠤ᠂ ᠤᠳᠤᠷᠢᠳᠤᠯᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠬᠦ᠂ ᠠᠵᠢᠯ ᠤᠨ ᠦᠷ᠎ᠡ ᠪᠦᠲᠦᠮᠵᠢ ᠶᠢ ᠳᠡᠯᠭᠡᠷᠡᠭᠦᠯᠬᠦ᠂ ᠨᠠᠮ ᠤᠨ ᠭᠡᠰᠢᠭᠦᠨ ᠤ ᠬᠦᠴᠦᠨ ᠢ ᠨᠢᠭᠲᠠᠷᠠᠭᠤᠯᠬᠤ᠂ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠴᠢᠩᠭᠠᠳᠬᠠᠬᠤ ᠶᠢᠨ ᠴᠢᠬᠤᠯᠠ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠡᠢ᠃      ᠪᠣᠯᠪᠠᠰᠤᠷᠠᠯ ᠤᠨ ᠠᠩᠭᠢ ᠱᠠᠭᠠᠷᠳᠠᠭᠰᠠᠨ ᠨᠢ᠂ ᠰᠤᠷᠤᠭᠴᠢᠳ ᠰᠢᠮᠳᠠᠨ ᠰᠤᠷᠤᠯᠴᠠᠵᠤ ᠬᠠᠲᠠᠭᠤᠵᠢᠯᠲᠠᠢ ᠪᠣᠯᠪᠠᠰᠤᠷᠠᠵᠤ᠂ ᠵᠣᠬᠢᠶᠠᠨ ᠪᠢᠴᠢᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠷᠬᠡᠪᠰᠢ ᠴᠢᠳᠠᠮᠠᠭᠠᠢ ᠪᠠᠷ ᠰᠡᠳᠬᠢᠨ ᠪᠣᠳᠣᠯᠬᠢᠯᠠᠵᠤ᠂ ᠵᠣᠬᠢᠶᠠᠨ ᠪᠠᠶᠢᠭᠤᠯᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠦᠷᠭᠦᠯᠵᠢ ᠰᠡᠳᠬᠢᠨ ᠪᠣᠳᠣᠯᠬᠢᠯᠠᠬᠤ᠂ ᠴᠢᠭᠯᠡᠯ ᠢᠶᠠᠨ ᠲᠣᠳᠣᠷᠬᠠᠢ ᠪᠣᠯᠭᠠᠵᠤ᠂ ᠭᠤᠣᠯᠳᠠᠯᠭ᠎ᠠ ᠪᠠᠨ ᠣᠨᠣᠪᠴᠢᠲᠠᠶ ᠡᠷᠢᠨ ᠣᠯᠵᠤ᠂ ᠠᠵᠢᠯ ᠤᠨ ᠬᠢᠯᠠᠰ ᠴᠡᠭ᠂ ᠵᠢᠴᠢ ᠠᠰᠠᠭᠤᠳᠠᠯ ᠢ ᠲᠠᠰᠤᠷᠠᠯᠳᠠ ᠦᠭᠡᠢ ᠢᠯᠡᠷᠡᠭᠦᠯᠵᠦ᠂ ᠪᠦᠬᠦ ᠰᠢᠶᠠᠨ ᠤ ᠵᠣᠬᠢᠶᠠᠨ ᠪᠠᠶᠢᠭᠤᠯᠬᠤ ᠠᠵᠢᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠬᠢᠷᠢ ᠬᠡᠮᠵᠢᠶ᠎ᠡ᠂ ᠦᠷ᠎ᠡ ᠪᠦᠲᠦᠭᠡᠯ ᠭᠠᠷᠭᠠᠬᠤ ᠶᠢ ᠲᠦᠯᠬᠢᠨ ᠠᠬᠢᠭᠤᠯᠬᠤ ᠬᠡᠷᠡᠭᠲᠡᠢ᠃ ᠵᠣᠷᠢᠭᠲᠠᠢ ᠪᠠᠷ ᠪᠣᠯᠪᠠᠰᠤᠷᠠᠬᠤ ᠬᠡᠷᠡᠭᠲᠡᠢ᠂ ︽ᠬᠠᠭᠠᠰ ᠠᠯᠬᠤᠮ ᠢ ᠬᠤᠷᠠᠮᠳᠤᠭᠤᠯᠬᠤ ᠦᠭᠡᠢ ᠪᠣᠯ ᠮᠢᠩᠭᠠᠨ ᠭᠠᠵᠠᠷ ᠲᠤ ᠬᠦᠷᠬᠦ ᠦᠭᠡᠢ︾᠂ ᠰᠠᠶᠢᠨ ᠤᠳᠬ᠎ᠠ ᠤᠶᠠᠩᠭ᠎ᠠ ᠶᠢ ᠨᠢᠭᠡ ᠯᠡ ᠳᠡᠭᠡᠷ᠎ᠡ ᠪᠦᠲᠦᠭᠡᠴᠢᠬᠡᠬᠦ ᠪᠢᠰᠢ᠂ ᠬᠠᠷᠢᠨ ᠲᠠᠰᠤᠷᠠᠯᠲᠠ ᠦᠭᠡᠢ ᠰᠤᠷᠤᠯᠴᠠᠨ ᠬᠤᠷᠠᠮᠳᠤᠭᠤᠯᠵᠤ᠂ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠣᠷᠳᠣ ᠬᠤᠭᠤᠴᠠᠭ᠎ᠠ ᠪᠠᠷ ᠴᠢᠷᠮᠠᠶᠢᠭᠰᠠᠨ ᠤ ᠦᠷ᠎ᠡ ᠳ᠋ᠦᠩ ᠮᠥᠨ᠃ ᠪᠢᠷ ᠪᠠᠷᠢᠬᠤ ᠂ ᠦᠷᠭᠦᠯᠵᠢ ᠪᠢᠷ ᠪᠠᠷᠢᠬᠤ ᠳᠠᠭᠠᠨ ᠥᠪᠡᠷ ᠤᠨ ᠦᠭᠡ ᠬᠡᠯᠡ ᠳᠤᠲᠠᠮᠠᠭ ᠪᠠᠶᠢᠬᠤ ᠡᠰᠡᠬᠦ᠂ ᠦᠵᠡᠯ ᠰᠠᠨᠠᠭ᠎ᠠ ᠬᠢᠵᠠᠭᠠᠷ ᠲᠠᠢ ᠪᠠᠶᠢᠬᠤ ᠡᠰᠡᠬᠦ ᠶᠢ ᠰᠢᠯᠭᠠᠵᠤ᠂ ᠡᠭᠦᠨ ᠤ ᠤᠯᠠᠮ ᠠᠴᠠ ᠦᠰᠦᠭ ᠪᠢᠴᠢᠭ ᠢ ᠡᠵᠡᠮᠳᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠰᠦᠭ ᠪᠢᠴᠢᠭ ᠤᠨ ᠤᠷ᠎ᠠ ᠮᠡᠷᠭᠡᠵᠢᠯ ᠢ ᠭᠦᠨᠵᠡᠭᠡᠢ ᠣᠶᠢᠯᠠᠭᠠᠬᠤ ᠬᠡᠷᠡᠭᠲᠡᠢ ᠃ ᠡᠬᠡ ᠪᠢᠴᠢᠭ ᠪᠢᠴᠢᠬᠦ᠂ ᠡᠬᠡ ᠪᠢᠴᠢᠭ ᠵᠠᠰᠠᠬᠤ᠂ ᠡᠬᠡ ᠪᠢᠴᠢᠭ ᠥᠭᠬᠦ ᠲᠠᠯ᠎ᠠ ᠪᠠᠷ ᠶᠡᠭᠡ ᠬᠦᠴᠦ ᠣᠷᠣᠭᠤᠯᠵᠤ᠂ ᠡᠬᠡ ᠪᠢᠴᠢᠭ ᠨᠢᠭᠡᠪᠦᠷᠢ ᠳᠤ ᠨᠠᠷᠢᠨ ᠬᠢᠨᠠᠮᠠᠭᠠᠢ ᠬᠠᠨᠳᠤᠵᠤ᠂ ᠨᠠᠷᠢᠨ ᠨᠢᠮᠪᠠᠢ ᠵᠣᠬᠢᠶᠠᠨ ᠪᠦᠲᠦᠭᠡᠵᠦ᠂ ᠨᠠᠷᠢᠨ ᠨᠢᠮᠪᠠᠢ ᠵᠠᠰᠠᠵᠤ᠂ ᠲᠠᠬᠢᠨ ᠳᠠᠪᠲᠠᠨ ᠰᠤᠳᠤᠯᠤᠨ ᠤᠩᠰᠢᠵᠤ᠂ ᠰᠢᠯᠢᠳᠡᠭ ᠡᠬᠡ ᠪᠢᠴᠢᠭ ᠭᠠᠷᠭᠠᠬᠤ ᠪᠠᠷ ᠬᠦᠴᠦᠯᠡᠨ ᠴᠢᠷᠮᠠᠶᠢᠵᠤ ᠂ ᠪᠦᠬᠦ ᠰᠢᠶᠠᠨ ᠤ ᠵᠣᠬᠢᠶᠠᠨ ᠪᠠᠶᠢᠭᠤᠯᠬᠤ ᠠᠵᠢᠯ ᠳᠤ ᠰᠠᠶᠢᠨ ᠦᠨᠡᠯᠡᠯᠲᠡ ᠥᠭᠴᠦ᠂ ᠴᠤᠭ ᠵᠢᠪᠬᠤᠭ᠎ᠠ ᠶᠢ ᠨᠢ ᠨᠡᠮᠡᠭᠳᠡᠭᠦᠯᠬᠦ ᠬᠡᠷᠡᠭᠲᠡᠢ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1