ᠲᠣᠭᠲᠠᠬᠤ ᠰᠢᠶᠠᠨ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/8/30
     ︽ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ᠳᠦᠷᠢᠮ︾ ︽ᠪᠦᠬᠦ ᠣᠷᠣᠨ ᠤ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠠᠵᠢᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠬᠡᠷᠡᠭᠵᠢᠭᠦᠯᠬᠦ ᠰᠠᠨᠠᠯ︾ ︽ᠲᠣᠭᠲᠠᠬᠤ ᠰᠢᠶᠠᠨ ᠤ ᠲᠣᠰᠬᠤᠨ ︵ᠨᠡᠶᠢᠭᠡᠮ ᠲᠣᠭᠤᠷᠢᠭ︶ ᠤ ᠵᠡᠮᠳᠡᠭᠴᠦᠳ ᠤᠨ ᠨᠡᠶᠢᠭᠡᠮᠯᠢᠭ᠂ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠠᠵᠢᠯ ᠤᠨ ᠬᠡᠷᠡᠭᠵᠢᠭᠦᠯᠬᠦ ᠲᠥᠰᠥᠯ︾ ᠶᠣᠰᠣᠭᠠᠷ᠂ ᠲᠣᠭᠲᠠᠬᠤ ᠰᠢᠶᠠᠨ ᠤ ᠡᠯ᠎ᠡ ᠪᠠᠯᠭᠠᠰᠤ ᠵᠢᠴᠢ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠤᠨ ᠵᠡᠮᠳᠡᠭᠴᠦᠳ ᠤᠨ ᠬᠤᠯᠪᠣᠭ᠎ᠠ ᠨᠠᠷᠢᠨ ᠬᠢᠨᠠᠮᠠᠭᠠᠢ ᠪᠡᠯᠡᠳᠬᠡᠵᠦ᠂ ᠬᠤᠭᠤᠴᠠᠭ᠎ᠠ ᠰᠣᠯᠢᠬᠤ ᠠᠵᠢᠯ ᠢ ᠵᠢᠷᠤᠮᠵᠢᠯ ᠲᠠᠢ ᠡᠮᠬᠢ ᠵᠢᠷᠤᠮ ᠲᠠᠢ ᠠᠬᠢᠭᠤᠯᠵᠤ᠂ 8 ᠰᠠᠷ᠎ᠠ ᠶᠢᠨ 26  ᠤ ᠡᠳᠦᠷ ᠪᠣᠯᠲᠠᠯ᠎ᠠ᠂ 5 ᠪᠠᠯᠭᠠᠰᠤ 1 ᠲᠥᠪ ᠤᠨ ᠬᠢᠨ ᠬᠤᠭᠤᠴᠠᠭ᠎ᠠ ᠰᠣᠯᠢᠬᠤ ᠡᠭᠦᠷᠭᠡ ᠪᠠᠨ ᠪᠦᠬᠦᠨ ᠢ ᠪᠡᠶᠡᠯᠡᠭᠦᠯᠵᠦ᠂ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠳᠤ ᠰᠠᠶᠢᠨ ᠰᠠᠭᠤᠷᠢ ᠲᠠᠯᠪᠢᠵᠤ ᠥᠭᠴᠡᠢ᠃      ᠲᠣᠰ ᠤᠳᠠᠭᠠᠨ ᠤ ᠬᠤᠭᠤᠴᠠᠭ᠎ᠠ ᠰᠣᠯᠢᠬᠤ ᠳᠤ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠵᠡᠮᠳᠡᠭᠴᠦᠳ ᠤᠨ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠪᠠ︔ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ᠂ ᠥᠷᠭᠡᠨ ᠤᠯᠠᠨ ᠵᠡᠮᠳᠡᠭᠴᠦᠳ ᠤᠨ ᠠᠰᠢᠭ ᠲᠤᠰᠠ ᠶᠢ ᠲᠥᠯᠥᠭᠡᠯᠡᠬᠦ᠂ ᠵᠡᠮᠳᠡᠭᠴᠦᠳ ᠤᠨ ᠦᠢᠯᠡᠰ ᠲᠤ ᠬᠠᠯᠠᠭᠤᠨ ᠢᠶᠠᠷ ᠦᠢᠯᠡᠴᠢᠯᠡᠬᠦ᠂ ︽ᠬᠥᠮᠦᠯᠢᠭ ᠶᠣᠰᠣ᠂ ᠠᠷᠢᠭᠤᠨ ᠴᠢᠬᠡᠴᠢ᠂ ᠦᠢᠯᠡᠴᠢᠯᠡᠬᠦ᠂ ᠬᠤᠪᠢ ᠨᠡᠮᠡᠷᠢ ᠦᠵᠡᠭᠦᠯᠬᠦ︾ ᠵᠠᠷᠴᠢᠮ ᠢ ᠬᠢᠴᠢᠶᠡᠩᠭᠦᠶᠢᠯᠡᠨ ᠵᠢᠷᠤᠮᠯᠠᠵᠤ᠂ ᠦᠨᠳᠦᠰᠦᠨ ᠱᠠᠲᠤᠨ ᠳᠤ ᠦᠨᠳᠦᠰᠦᠯᠡᠭᠰᠡᠨ ᠨᠢᠭᠡ ᠪᠦᠯᠦᠭ ᠵᠡᠮᠳᠡᠭᠴᠦᠳ ᠤᠨ ᠠᠵᠢᠯᠲᠠᠨ ᠢ ᠰᠣᠩᠭᠤᠨ ᠭᠠᠷᠭᠠᠪᠠ᠃      ᠡᠯ᠎ᠡ ᠪᠠᠯᠭᠠᠰᠤ ᠵᠢᠴᠢ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠤᠨ ᠵᠡᠮᠳᠡᠭᠴᠦᠳ ᠤᠨ ᠬᠤᠯᠪᠣᠭ᠎ᠠ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠵᠡᠮᠳᠡᠭᠴᠦᠳ ᠲᠤ ᠦᠢᠯᠡᠴᠢᠯᠡᠬᠦ ᠵᠣᠷᠢᠯᠲᠠ ᠶᠢ ᠪᠠᠷᠢᠮᠲᠠᠯᠠᠵᠤ᠂ ᠢᠳᠡᠪᠬᠢᠲᠡᠢ ᠠᠵᠢᠯ ᠤᠨ ᠣᠪᠣᠷ ᠢᠶᠠᠷ ᠵᠡᠮᠳᠡᠭᠴᠦᠳ ᠤᠨ ᠦᠢᠯᠡᠰ ᠲᠤ ᠣᠷᠣᠯᠴᠠᠵᠤ᠂ ᠨᠠᠮ ᠪᠣᠯᠣᠨ ᠵᠠᠰᠠᠭ ᠤᠨ ᠣᠷᠳᠣᠨ ᠤ ᠵᠡᠮᠳᠡᠭᠴᠦᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠲᠣᠰᠬᠤᠨ᠂ ᠨᠡᠶᠢᠭᠡᠮ ᠲᠣᠭᠤᠷᠢᠭ ᠤᠨ ᠵᠡᠮᠳᠡᠭᠴᠦᠳ ᠲᠤ ᠨᠡᠩ ᠰᠠᠶᠢᠨ ᠦᠢᠯᠡᠴᠢᠯᠡᠵᠦ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠵᠡᠮᠳᠡᠭᠴᠦᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠦ᠂ ᠮᠠᠨ ᠤ ᠰᠢᠶᠠᠨ ᠤ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1