ᠲᠠᠪᠢᠨ ᠭᠡᠷ ᠬᠠᠤᠯᠢ ᠴᠠᠭᠠᠵᠠ ᠶᠢᠨ ᠭᠠᠵᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2022/8/31
         2022 ᠣᠨ ᠤ 5 ᠰᠠᠷ᠎ᠠ ᠶᠢᠨ 1 ᠤ ᠡᠳᠦᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢ ᠵᠢᠩᠬᠢᠨᠢ ᠪᠠᠷ ᠬᠡᠷᠡᠭᠵᠢᠭᠦᠯᠪᠡ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠭᠦᠨᠵᠡᠭᠡᠢ  ᠦᠢᠯᠡᠳᠦᠯᠭᠡᠵᠢᠭᠦᠯᠵᠦ᠂ ᠠᠷᠠᠳ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢᠨ ᠠᠷᠠᠳ ᠤᠯᠠᠨ ᠤ ᠳᠤᠮᠳᠠ ᠭᠦᠨᠵᠡᠭᠡᠶᠢᠷᠡᠬᠦ ᠶᠢ ᠠᠬᠢᠭᠤᠯᠵᠤ᠂ ᠠᠷᠠᠳ ᠤᠯᠠᠨ ᠤ ᠬᠠᠤᠯᠢ ᠴᠠᠭᠠᠵᠠ ᠶᠢᠨ ᠵᠡᠪᠰᠡᠭ ᠢᠶᠠᠷ ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠲᠡᠭᠦᠨ ᠢ ᠰᠡᠷᠭᠡᠶᠢᠯᠡᠬᠦ ᠴᠢᠳᠠᠪᠤᠷᠢ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠶᠢ ᠠᠬᠢᠭᠤᠯᠬᠤ ᠶᠢᠨ ᠲᠦᠯᠦᠭᠡ᠂ ᠣᠶᠢᠷ᠎ᠠ ᠳᠤ᠂ ᠲᠠᠪᠢᠨ ᠭᠡᠷ ᠬᠠᠤᠯᠢ ᠴᠠᠭᠠᠵᠠ ᠶᠢᠨ ᠭᠠᠵᠠᠷ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃      ᠲᠣᠰ ᠤᠳᠠᠭᠠᠨ ᠤ ᠠᠵᠢᠯᠯᠠᠭ᠎ᠠ ᠶᠢ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ᠂ ᠠᠰᠠᠭᠤᠨ ᠯᠠᠪᠯᠠᠬᠤ ᠠᠷᠭ᠎ᠠ ᠮᠠᠶ᠋ᠢᠭ ᠢᠶᠠᠷ  ᠶᠠᠪᠤᠭᠳᠠᠭᠤᠯᠪᠠ᠃ ᠠᠵᠢᠯᠯᠠᠭ᠎ᠠ ᠶᠢᠨ ᠲᠤᠰᠬᠠᠢ ᠮᠡᠷᠭᠡᠵᠢᠯ ᠤᠨ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠴᠢᠩ ᠱᠧᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠲᠤᠰᠬᠠᠢ ᠬᠠᠤᠯᠢᠴᠢ ᠶᠢ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠤᠷᠢᠵᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠯᠭᠡᠬᠦ ᠶᠢᠨ ᠬᠠᠮᠲᠤ ᠠᠷᠠᠳ ᠣᠯᠠᠨ ᠤ ᠳᠤᠷᠠᠳᠤᠭᠰᠠᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠳᠤ ᠬᠠᠷᠢᠭᠤᠯᠲᠠ ᠥᠭᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠥᠪᠥᠷ ᠮᠣᠩᠭᠤᠯ ᠤᠨ ᠴᠢᠩ ᠱᠧᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠠᠴᠠ ᠤᠯᠠᠨ ᠲᠦᠮᠡᠨ ᠳᠤ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠤᠯᠠᠨ ᠲᠦᠮᠡᠨ ᠠᠴᠠ 50 ᠭᠠᠷᠤᠢ ᠬᠥᠮᠥᠨ ᠤᠳᠠᠭ᠎ᠠ ᠠᠰᠠᠭᠤᠨ ᠯᠠᠪᠯᠠᠭᠰᠠᠨ ᠳᠤ ᠬᠠᠷᠢᠭᠤᠯᠲᠠ ᠥᠭᠴᠦ᠂ ᠠᠵᠢᠯᠯᠠᠭ᠎ᠠ ᠳᠤ 200 ᠭᠠᠷᠤᠢ ᠬᠤᠪᠢ ᠤᠬᠠᠭᠤᠯᠭ᠎ᠠ ᠶᠢᠨ ᠮᠠᠲᠧᠷᠢᠶᠠᠯ ᠲᠠᠷᠬᠠᠭᠠᠵᠠᠢ᠃ ᠲᠤᠬᠠᠢ ᠶᠢᠨ ᠲᠠᠯᠠᠪᠤᠷ ᠲᠤ ᠬᠠᠤᠯᠢ ᠶᠢ ᠰᠤᠷᠬᠤ᠂ ᠬᠠᠤᠯᠢ ᠶᠢ ᠮᠡᠳᠡᠬᠦ᠂ ᠬᠠᠤᠯᠢ ᠶᠢ  ᠰᠠᠬᠢᠬᠤ᠂ ᠬᠠᠤᠯᠢ ᠶᠢ ᠬᠡᠷᠡᠭᠯᠡᠬᠦ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ᠠᠷᠠᠳ ᠤᠯᠠᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠰᠤᠷᠤᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠠᠷᠠᠳ ᠤᠯᠠᠨ ᠤ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠢᠯᠭᠠᠨ ᠲᠠᠨᠢᠬᠤ ᠴᠢᠳᠠᠪᠤᠷᠢ ᠶᠢ ᠨᠡᠮᠡᠭᠳᠡᠭᠦᠯᠵᠦ᠂ ᠠᠷᠠᠳ ᠤᠯᠠᠨ ᠤ ᠬᠠᠤᠯᠢ ᠴᠠᠭᠠᠵᠠ ᠶᠢᠨ ᠵᠡᠪᠰᠡᠭ ᠢ ᠬᠡᠷᠡᠭᠯᠡᠨ ᠬᠠᠷ᠎ᠠ ᠪᠦᠯᠦᠭᠲᠡᠨ ᠬᠠᠷᠭᠢᠰ ᠬᠦᠴᠦᠨ ᠲᠠᠢ ᠲᠡᠮᠡᠴᠡᠯ ᠬᠢᠬᠦ ᠢᠲᠡᠭᠡᠯ ᠢ ᠪᠤᠢ ᠪᠣᠯᠭᠠᠪᠠ᠃      ᠲᠠᠷᠠᠭᠠᠴᠢ ᠶᠢᠨ ᠠᠯᠬᠤᠮ ᠳᠤ᠂  ᠲᠠᠪᠢᠨ ᠭᠡᠷ ᠬᠠᠤᠯᠢ ᠴᠠᠭᠠᠵᠠ ᠶᠢᠨ ᠭᠠᠵᠠᠷ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠬᠠᠮᠢᠶᠠᠷᠤᠯᠲᠠ ᠶᠢᠨ ᠡᠮᠬᠢ ᠵᠢᠷᠤᠮ ᠢ ᠬᠠᠮᠠᠭᠠᠯᠠᠬᠤ ᠳᠤ ᠨᠠᠩ ᠭᠦᠨ ᠵᠤᠵᠠᠭᠠᠨ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠣᠶ ᠪᠣᠯᠭᠠᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠪᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1