ᠭᠤᠣ ᠵᠧᠩ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠪᠠᠶᠠᠷ ᠤᠨ ᠡᠳᠦᠷ ᠤᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠢᠭᠡᠳᠦᠭᠡᠷ ᠹᠷᠣᠨᠲ ᠢ ᠪᠠᠲᠤ ᠰᠠᠬᠢᠵᠤ ᠪᠠᠶᠢᠭ᠎ᠠ ᠠᠵᠢᠯᠲᠠᠳ ᠢ ᠲᠤᠬᠤᠨᠢᠭᠤᠯᠪᠠ
ᠨᠡᠶᠢᠲᠡᠯᠡᠭᠰᠡᠨ ᠴᠠᠭ᠄
2022/9/12
     9 ᠰᠠᠷ᠎ᠠ ᠶᠢᠨ 10 ᠤ ᠡᠳᠦᠷ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ᠂ ᠰᠢᠶᠠᠨ ᠤ ᠨᠠᠮ‌‍ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠣ ᠵᠧᠩ ᠤᠷᠢᠳ ᠬᠤᠵᠢᠳ ᠲᠦᠷᠭᠡᠨ ᠳᠠᠪᠬᠢᠬᠤ ᠵᠠᠰᠠᠮᠠᠯ ᠵᠠᠮ ᠤᠨ ᠠᠭᠤᠯᠵᠠᠷ ᠤᠨ ᠪᠠᠶᠢᠴᠠᠭᠠᠨ ᠰᠢᠯᠭᠠᠬᠤ ᠭᠠᠵᠠᠷ᠂ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠭᠠᠵᠠᠷ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠲᠤ ᠬᠦᠷᠴᠦ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠪᠠᠶᠠᠷ ᠤᠨ ᠡᠳᠦᠷ ᠤᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠢᠭᠡᠳᠦᠭᠡᠷ ᠹᠷᠣᠨᠲ ᠢ ᠰᠠᠬᠢᠵᠤ ᠪᠠᠶᠢᠭ᠎ᠠ ᠠᠵᠢᠯᠲᠠᠳ ᠢ ᠡᠷᠭᠢᠨ ᠲᠣᠬᠤᠨᠢᠭᠤᠯᠵᠤ᠂ ᠲᠡᠳᠡᠨ ᠤ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠮᠳᠠ ᠭᠠᠷᠭᠠᠭᠰᠠᠨ ᠢᠳᠡᠪᠬᠢᠲᠡᠢ ᠬᠤᠪᠢ ᠨᠡᠮᠡᠷᠢ ᠶᠢ ᠭᠦᠢᠴᠡᠳ ᠨᠤᠲᠠᠯᠠᠭᠰᠠᠨ ᠪᠥᠭᠡᠳ ᠲᠡᠳᠡᠨ ᠳᠤ ᠲᠣᠬᠤᠨᠢᠭᠤᠯᠬᠤ ᠪᠣᠳᠠᠰ ᠬᠦᠷᠭᠡᠭᠰᠡᠨ ᠪᠠᠶᠢᠨ᠎ᠠ᠃      ᠬᠦᠷᠦᠭᠰᠡᠨ ᠭᠠᠵᠠᠷ ᠪᠣᠯᠭᠠᠨ ᠳᠤ ᠭᠤᠤ ᠵᠧᠩ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠮᠥᠰ ᠢ ᠲᠣᠬᠢᠷᠠᠭᠤᠯᠬᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠵᠢᠵᠢᠭᠦᠷᠯᠡᠨ ᠰᠠᠬᠢᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠤᠯᠠᠨ ᠤ ᠪᠠᠶᠠᠷ ᠤᠨ ᠡᠳᠦᠷ ᠲᠤ ᠠᠵᠢᠯ ᠤᠨ ᠪᠠᠶᠢᠷᠢ ᠪᠠᠨ ᠪᠠᠲᠤ ᠰᠠᠬᠢᠬᠤ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ᠂ ᠨᠠᠷᠢᠨ ᠬᠢᠨᠠᠮᠠᠭᠠᠢ ᠬᠠᠷᠢᠭᠤᠴᠠᠬᠤ ᠵᠣᠷᠢᠭ ᠰᠠᠨᠠᠭ᠎ᠠ ᠶᠢ ᠭᠦᠢᠴᠡᠳ ᠨᠤᠲᠠᠯᠠᠬᠤ ᠶᠢᠨ ᠬᠠᠮᠲᠤ ᠲᠡᠳᠡᠨ ᠳᠤ ᠲᠣᠬᠤᠨᠢᠭᠤᠯᠬᠤ ᠪᠣᠳᠠᠰ ᠬᠦᠷᠭᠡᠵᠦ᠂ ᠡᠮᠦᠨ᠎ᠡ ᠹᠷᠣᠨᠲ ᠤᠨ ᠠᠵᠢᠯᠲᠠᠳ ᠢ ᠰᠠᠶᠢᠲᠤᠷ ᠵᠢᠵᠢᠭᠦᠷᠯᠡᠨ ᠰᠠᠬᠢᠬᠤ ᠶᠢᠨ ᠬᠠᠮᠲᠤ ᠥᠪᠡᠷ ᠢ ᠪᠠᠨ ᠬᠠᠮᠠᠭᠠᠯᠠᠬᠤ ᠪᠠᠨ ᠴᠢᠩᠭᠠᠳᠬᠠᠵᠤ᠂ ᠲᠤᠰ ᠪᠡᠶ᠎ᠡ ᠶᠢᠨ ᠠᠮᠤᠷ ᠲᠦᠪᠰᠢᠨ ᠢᠶᠠᠨ ᠠᠩᠬᠠᠷᠬᠤ ᠬᠡᠷᠡᠭᠲᠡᠢ ᠭᠡᠵᠦ ᠵᠠᠬᠢᠪᠠ᠃      ᠭᠤᠣ ᠵᠧᠩ ᠬᠡᠯᠡᠭᠰᠡᠨ ᠨᠢ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠤ ᠬᠥᠮᠥᠨ ᠠᠮᠠ   ᠶᠢᠨ ᠲᠤᠭ᠎ᠠ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠨᠣᠴᠢᠲᠠᠢ᠂ ᠬᠠᠷᠢᠭᠤᠴᠠᠯᠭ᠎ᠠ ᠬᠦᠨᠳᠦ ᠶᠡᠭᠡ ᠪᠠᠶᠢᠭ᠎ᠠ ᠪᠣᠯᠬᠤᠷ ᠡᠯ᠎ᠡ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠵᠢᠯᠴᠠᠵᠤ ᠪᠠᠶᠢᠭᠠᠳ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠬᠦ ᠠᠩᠬᠠᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦ ᠪᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ᠵᠢᠵᠢᠭᠦᠷᠯᠡᠭᠴᠢ ᠡᠷᠬᠡᠪᠰᠢ 24 ᠴᠠᠭ ᠢᠶᠠᠷ ᠵᠢᠵᠢᠭᠦᠷᠯᠡᠨ ᠰᠠᠬᠢᠬᠤ ᠶᠢ ᠪᠠᠷᠢᠮᠲᠠᠯᠠᠵᠤ᠂ ᠮᠠᠨ ᠤ ᠰᠢᠶᠠᠨ ᠢᠶᠠᠷ ᠣᠷᠣᠵᠤ ᠭᠠᠷᠬᠤ ᠲᠡᠷᠭᠡ ᠬᠥᠰᠬᠡ᠂ ᠠᠵᠢᠯᠲᠠᠨ ᠢ ᠨᠠᠷᠢᠨ ᠬᠢᠨᠠᠮᠠᠭᠠᠢ ᠪᠠᠶᠢᠴᠠᠭᠠᠵᠤ᠂ ︽ᠬᠤᠶᠠᠷ ᠺᠣᠳ᠋ ᠨᠢᠭᠡ ᠦᠨᠡᠮᠯᠡᠯ︾ ᠢ ᠪᠠᠶᠢᠴᠠᠭᠠᠨ ᠰᠢᠯᠭᠠᠵᠤ᠂ ᠪᠠᠶᠢᠴᠠᠭᠠᠬᠤ ᠶᠠᠪᠤᠴᠠ ᠶᠢ ᠵᠢᠷᠤᠮᠵᠢᠭᠤᠯᠤᠨ᠂ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠲᠤᠰᠬᠠᠢ ᠠᠩᠭᠢ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠭᠤᠭᠤᠯᠤᠨ ᠪᠠᠶᠢᠴᠠᠭᠠᠬᠤ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ ᠂ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠠᠵᠢᠯ ᠢ ᠪᠣᠳᠠᠲᠠᠶᠢᠵᠢᠭᠤᠯᠵᠤ᠂ ᠨᠢᠭᠡ ᠶᠢ ᠴᠦ ᠣᠷᠬᠢᠭᠳᠠᠭᠤᠯᠬᠤ ᠦᠭᠡᠢ᠂ ᠨᠢᠭᠡ ᠮᠥᠴᠡ ᠴᠦ ᠣᠷᠦ᠋ᠢᠲᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠳᠡᠭᠡᠳᠦ ᠱᠠᠲᠤᠨ‌‍ᠤ ᠬᠦᠷᠭᠡᠭᠰᠡᠨ ᠲᠤᠭ᠎ᠠ ᠪᠠᠷᠢᠮᠲᠠ ᠶᠢ ᠵᠤᠷᠪᠤᠰ ᠳᠠᠷᠠᠭᠠᠯᠠᠨ ᠬᠠᠷᠭᠤᠭᠤᠯᠤᠨ ᠪᠠᠶᠢᠴᠠᠭᠠᠵᠤ᠂ ᠠᠵᠢᠯᠲᠠᠨ ᠤ ᠪᠠᠶᠢᠳᠠᠯ ᠢ ᠲᠣᠳᠣᠷᠬᠠᠢ ᠣᠶᠢᠯᠠᠭᠠᠵᠤ᠂ ᠴᠠᠭ ᠲᠤᠬᠠᠢ ᠳᠤᠨᠢ ᠬᠦᠷᠭᠡᠨ᠂ ᠴᠠᠭ ᠲᠤᠬᠠᠢ ᠳᠤᠨᠢ ᠬᠠᠷᠭᠤᠭᠤᠯᠤᠨ ᠪᠠᠶᠢᠴᠠᠭᠠᠵᠤ᠂ ᠬᠡᠷᠡᠭ ᠶᠠᠪᠤᠳᠠᠯ ᠢ ᠰᠥᠨᠢ ᠥᠩᠭᠡᠷᠡᠭᠦᠯᠬᠦ ᠦᠭᠡᠢ ᠪᠠᠷ ᠲᠤᠬᠠᠢ ᠶᠢᠨ ᠡᠳᠦᠷ ᠲᠤ ᠲᠡᠭ ᠪᠣᠯᠭᠠᠵᠤ᠂ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠨᠣᠪᠴᠢᠲᠠᠶ ᠪᠥᠭᠡᠳ ᠴᠠᠭ ᠲᠤᠬᠠᠢ ᠳᠤᠨᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠨᠠᠭᠠᠲᠤ ᠵᠠᠬ᠎ᠠ ᠶᠢᠨ ᠱᠤᠭᠤᠮ ᠤᠨ ᠰᠡᠳᠬᠢᠬᠦᠢ ᠪᠠ ᠠᠶᠤᠯ ᠲᠦᠭᠰᠢᠭᠦᠷᠢ ᠶᠢᠨ ᠤᠬᠠᠮᠰᠠᠷ ᠢ ᠦᠨᠡᠨᠬᠦ ᠪᠠᠲᠤ ᠪᠤᠶ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠰᠠᠨᠠᠭᠠᠴᠢᠯᠠᠭᠠᠲᠤ ᠴᠢᠨᠠᠷ᠂ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠠᠰᠢᠭᠲᠤ ᠴᠢᠨᠠᠷ ᠢ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠳᠡᠭᠡᠳᠦ ᠬᠡᠮᠵᠢᠶᠡᠨ ᠤ ᠰᠡᠷᠭᠡᠭ ᠲᠣᠭᠲᠠᠴᠠ ᠶᠢ ᠢᠮᠠᠭᠲᠠ ᠪᠠᠷᠢᠮᠲᠠᠯᠠᠵᠤ᠂ ᠡᠬᠢ ᠡᠭᠦᠰᠦᠯ ᠢ ᠨᠢ ᠡᠷᠢᠬᠦ ᠡᠩᠨᠡᠭᠡ ᠶᠢᠨ ᠵᠢᠭᠰᠠᠭᠠᠯ ᠢ ᠴᠢᠩᠭ᠎ᠠ ᠰᠠᠬᠢᠵᠤ᠂ ᠬᠢᠵᠢᠭ ᠤᠨ ᠪᠠᠶᠢᠳᠠᠯ ᠡᠭᠦᠰᠬᠦ ᠦᠶ᠎ᠡ ᠳᠤ ᠡᠬᠢ ᠡᠭᠦᠰᠦᠯ ᠢ ᠨᠢ ᠡᠷᠢᠬᠦ ᠠᠵᠢᠯ ᠢ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠶ ᠪᠠᠷ ᠥᠷᠨᠢᠭᠦᠯᠬᠦ ᠶᠢ ᠦᠨᠡᠨ ᠬᠦ ᠪᠠᠲᠤᠯᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠷᠠᠳ ᠣᠯᠠᠨ ᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠠᠶᠠᠷ ᠬᠥᠷ ᠲᠠᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠵᠠᠩ ᠢᠦᠢ᠂ ᠰᠢᠶᠠᠨ ᠤ ᠳᠡᠳ᠋ ᠳᠠᠷᠤᠭ᠎ᠠ ᠵᠠᠩ ᠵᠧᠨ ᠬᠠᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1